内蒙古自治区商务厅 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ ᠬᠤᠷᠢᠶᠠᠨ ᠠᠪᠴᠤ ᠵᠠᠳᠠᠯᠤᠨ ᠰᠠᠯᠭᠠᠬᠤ ᠠᠵᠤ ᠠᠬᠤᠶᠢᠯᠠᠯ ᠤᠨ ᠬᠢᠷᠢ ᠬᠡᠮ ᠢ ᠮᠠᠭᠠᠳᠯᠠᠨ ᠲᠣᠭᠲᠠᠭᠠᠬᠤ ᠪᠠ ᠠᠵᠢᠯ ᠲᠦᠷᠦᠯ ᠤᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ
        ᠨᠡᠶᠢᠲᠡᠯᠡᠭᠰᠡᠨ ᠴᠠᠭ᠄
        2021/12/29
               ᠥᠪᠥᠷ ᠬᠤᠳᠠᠯᠳᠤᠭ᠎ᠠ ᠲᠡᠭᠡᠭᠡᠪᠦᠷᠢ ᠦᠰᠦᠭ ﹇2021﹈ 133 ᠳ᠋ᠤᠭᠠᠷ ᠲᠣᠭᠠᠲᠤ

        ᠡᠯ᠎ᠡ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠄

               ︽ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ ᠬᠤᠷᠢᠶᠠᠨ ᠠᠪᠬᠤ ᠬᠠᠮᠢᠶᠠᠷᠤᠯᠲᠠ ᠶᠢᠨ ᠠᠷᠭ᠎ᠠ

        ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 715 ᠳ᠋ᠤᠭᠠᠷ ᠲᠣᠭᠠᠲᠤ︶ ︵ᠳᠣᠷᠣᠭᠰᠢ ︽

        ᠬᠠᠮᠢᠶᠠᠷᠤᠯᠲᠠ ᠶᠢᠨ ᠠᠷᠭ᠎ᠠ︾ ᠭᠡᠵᠦ ᠲᠣᠪᠴᠢᠯᠠᠨ᠎ᠠ︶᠂ ︽ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ

        ᠬᠤᠷᠢᠶᠠᠨ ᠠᠪᠬᠤ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠬᠦ ᠨᠠᠷᠢᠨ ᠳᠦᠷᠢᠮ︾ ︵ᠬᠤᠳᠠᠯᠳᠤᠭᠠᠨ ᠤ

        ᠶᠠᠪᠤᠳᠠᠯ ᠤᠨ ᠶᠠᠮᠤᠨ ᠤ ᠵᠠᠷᠯᠢᠭ 2020 ᠣᠨ ᠤ 2 ᠳ᠋ᠤᠭᠠᠷ ᠲᠣᠭᠠᠲᠤ︶ ︵ᠳᠣᠷᠣᠭᠰᠢ ︽ᠬᠡᠷᠡᠭᠵᠢᠭᠦᠯᠬᠦ ᠨᠠᠷᠢᠨ

        ᠳᠦᠷᠢᠮ︾ ᠭᠡᠵᠦ ᠲᠣᠪᠴᠢᠯᠠᠨ᠎ᠠ︶  ᠵᠢᠴᠢ ︽ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ ᠬᠤᠷᠢᠶᠠᠨ

        ᠠᠪᠴᠦ ᠵᠠᠳᠠᠯᠤᠨ ᠰᠠᠯᠭᠠᠬᠤ ᠠᠵᠢᠯ ᠲᠥᠷᠥᠯ ᠤᠨ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠠᠵᠢᠯ ᠢ ᠰᠠᠶᠢᠲᠤᠷ

        ᠬᠢᠬᠦ ᠲᠤᠬᠠᠶ ᠬᠤᠳᠠᠯᠳᠤᠭᠠᠨ ᠤ ᠶᠠᠪᠤᠳᠠᠯ ᠤᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠬᠤᠳᠠᠯᠳᠤᠭᠠᠨ ᠤ

        ᠠᠯᠪᠠᠨ ᠬᠡᠷ ᠤᠨ ᠬᠡᠷᠡᠭᠯᠡᠭᠡᠨ ᠤ ᠵᠠᠬᠢᠳᠠᠯ2020289 ᠳ᠋ᠦᠭᠡᠷ ᠲᠣᠭᠠᠲᠤ︶ ᠢ ᠲᠤᠭᠤᠰᠢᠭᠤᠯᠤᠨ

        ᠨᠠᠶᠢᠳᠠᠪᠤᠷᠢᠵᠢᠭᠤᠯᠵᠦ᠂ ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ ᠬᠤᠷᠢᠶᠠᠨ ᠠᠪᠴᠦ ᠵᠠᠳᠠᠯᠤᠨ

        ᠰᠠᠯᠭᠠᠬᠤ ᠠᠵᠤ ᠠᠬᠤᠶᠢᠯᠠᠯ ︵ᠳᠣᠷᠣᠭᠰᠢ ᠬᠤᠷᠢᠶᠠᠨ ᠠᠪᠴᠦ ᠵᠠᠳᠠᠯᠤᠨ ᠰᠠᠯᠭᠠᠬᠤ ᠠᠵᠤ ᠠᠬᠤᠶᠢᠯᠠᠯ ᠭᠡᠵᠦ

        ᠲᠣᠪᠴᠢᠯᠠᠨ᠎ᠠ︶ ᠤᠨ ᠬᠢᠷᠢ ᠬᠡᠮ ᠢ ᠨᠤᠲᠠᠯᠠᠨ ᠲᠤᠭᠲᠠᠭᠠᠬᠤ ᠠᠵᠢᠯ ᠢ ᠡᠮᠬᠢ ᠵᠢᠷᠤᠮ ᠲᠠᠢ ᠥᠷᠨᠢᠭᠦᠯᠬᠦ ᠶᠢ ᠪᠠᠲᠤᠯᠠᠵᠤ

        ᠂ ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ ᠬᠤᠷᠢᠶᠠᠨ ᠠᠪᠴᠦ ᠵᠠᠳᠠᠯᠤᠨ ᠰᠠᠯᠭᠠᠬᠤ ᠠᠵᠢᠯ

        ᠲᠥᠷᠥᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠦᠯᠦᠭᠡ᠂ ᠡᠳᠦᠭᠡ ᠬᠤᠯᠪᠣᠭᠳᠠᠯ

        ᠪᠥᠬᠦᠶ ᠠᠵᠢᠯ ᠢ ᠳᠣᠤᠷᠠᠬᠢ ᠮᠡᠲᠦ ᠮᠡᠳᠡᠭᠳᠡᠶ᠎ᠡ᠄

               ᠨᠢᠭᠡ᠂ ᠬᠢᠷᠢ ᠬᠡᠮ ᠢ ᠨᠤᠲᠠᠯᠠᠨ ᠲᠤᠭᠲᠠᠭᠠᠬᠤ ᠠᠵᠢᠯ ᠶᠢ ᠬᠠᠤᠯᠢ ᠶᠣᠰᠣᠭᠠᠷ ᠥᠷᠨᠢᠭᠦᠯᠬᠦ ᠬᠡᠷᠡᠭᠲᠡᠶ

               ᠤᠯᠤᠰ ᠠᠴᠠ ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ ᠬᠤᠷᠢᠶᠠᠨ ᠠᠪᠴᠦ ᠵᠠᠳᠠᠯᠤᠨ

        ᠰᠠᠯᠭᠠᠬᠤ ᠠᠵᠤ ᠠᠬᠤᠶᠢᠯᠠᠯ ︵ᠳᠣᠷᠣᠭᠰᠢ ᠬᠤᠷᠢᠶᠠᠨ ᠠᠪᠴᠦ ᠵᠠᠳᠠᠯᠤᠨ ᠰᠠᠯᠭᠠᠬᠤ ᠠᠵᠤ ᠠᠬᠤᠶᠢᠯᠠᠯ ᠭᠡᠵᠦ

        ᠲᠣᠪᠴᠢᠯᠠᠨ᠎ᠠ︶ ᠳᠤ ᠬᠢᠷᠢ ᠬᠡᠮ ᠢ ᠨᠤᠲᠠᠯᠠᠨ ᠲᠤᠭᠲᠠᠭᠠᠬᠤ ᠲᠦᠷᠢᠮ ᠢ ᠬᠡᠷᠡᠭᠵᠢᠭᠦᠯᠵᠦ᠂ ᠡᠯ᠎ᠡ ᠱᠠᠲᠤᠨ ᠤ

        ᠬᠤᠳᠠᠯᠳᠤᠭᠠᠨ ᠤ ᠶᠠᠪᠤᠳᠠᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠬᠤᠷᠢᠶᠠᠨ ᠠᠪᠴᠦ ᠵᠠᠳᠠᠯᠤᠨ

        ᠰᠠᠯᠭᠠᠬᠤ ᠠᠵᠤ ᠠᠬᠤᠶᠢᠯᠠᠯ ᠤᠨ ᠬᠢᠷᠢ ᠬᠡᠮ ᠢ ᠨᠢ ᠨᠤᠲᠠᠯᠠᠨ ᠲᠤᠭᠲᠠᠭᠠᠬᠤ ᠪᠠ ᠬᠢᠨᠠᠯᠲᠠ ᠲᠠᠯᠪᠢᠵᠤ ᠬᠠᠮᠢᠶᠠᠷᠬᠤ

        ᠠᠵᠢᠯ ᠢ ᠬᠠᠤᠯᠢ ᠶᠣᠰᠣᠭᠠᠷ ᠰᠠᠶᠢᠲᠤᠷ ᠬᠢᠬᠦ ᠬᠡᠷᠡᠭᠲᠡᠶ᠃

               1. ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠪᠥᠬᠦ ᠣᠷᠣᠨ ᠤ

        ᠬᠤᠷᠢᠶᠠᠨ ᠠᠪᠴᠦ ᠵᠠᠳᠠᠯᠤᠨ ᠰᠠᠯᠭᠠᠬᠤ ᠠᠵᠤ ᠠᠬᠤᠶᠢᠯᠠᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃

               2. ᠬᠤᠷᠢᠶᠠᠨ ᠠᠪᠴᠦ ᠵᠠᠳᠠᠯᠤᠨ ᠰᠠᠯᠭᠠᠬᠤ ᠠᠵᠤ ᠠᠬᠤᠶᠢᠯᠠᠯ ᠤᠨ ᠬᠢᠷᠢ ᠬᠡᠮ ᠢ ᠨᠤᠲᠠᠯᠠᠨ ᠲᠤᠭᠲᠠᠭᠠᠬᠤ

        ᠠᠵᠢᠯ ᠢ ᠬᠠᠷᠢᠭᠤᠴᠠᠵᠦ᠂ ᠨᠤᠲᠠᠯᠠᠨ ᠲᠤᠭᠲᠠᠭᠠᠯᠲᠠ ᠪᠠᠷ ᠬᠢᠷᠢ ᠲᠡᠩᠴᠡᠭᠰᠡᠨ ᠬᠤᠷᠢᠶᠠᠨ ᠠᠪᠴᠦ ᠵᠠᠳᠠᠯᠤᠨ ᠰᠠᠯᠭᠠᠬᠤ

        ᠠᠵᠤ ᠠᠬᠤᠶᠢᠯᠠᠯ ᠳᠤ ︽ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ ᠬᠤᠷᠢᠶᠠᠨ ᠠᠪᠴᠦ ᠵᠠᠳᠠᠯᠤᠨ

        ᠰᠠᠯᠭᠠᠬᠤ ᠠᠵᠤ ᠠᠬᠤᠶᠢᠯᠠᠯ ᠤᠨ ᠬᠢᠷᠢ ᠬᠡᠮ ᠶᠢ ᠨᠤᠲᠠᠯᠠᠨ ᠲᠤᠭᠲᠠᠭᠠᠭᠰᠠᠨ ᠦᠨᠡᠮᠯᠡᠯ︾ ︵ᠳᠣᠷᠣᠭᠰᠢ ︽ᠬᠢᠷᠢ

        ᠬᠡᠮ ᠶᠢ ᠨᠤᠲᠠᠯᠠᠨ ᠲᠤᠭᠲᠠᠭᠠᠭᠰᠠᠨ ᠦᠨᠡᠮᠯᠡᠯ︾ ᠭᠡᠵᠦ ᠲᠣᠪᠴᠢᠯᠠᠨ᠎ᠠ︶ ᠣᠯᠭᠤᠨ᠎ᠠ᠃ ᠬᠡᠷᠡᠭᠴᠡᠭᠡᠨ ᠠᠴᠠ ᠪᠠᠨ

        ᠭᠠᠷᠤᠭᠰᠠᠨ ᠮᠠᠰᠢᠨ ᠲᠡᠷᠭᠡ ᠶᠢ ᠵᠠᠳᠠᠯᠤᠨ ᠰᠠᠯᠭᠠᠬᠤ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ᠂

        ᠡᠳ᠋ ᠤᠨ ᠶᠠᠪᠤᠳᠠᠯ ᠵᠡᠷᠭᠡ ᠬᠠᠮᠢᠶ᠎ᠠ ᠪᠥᠬᠦᠶ ᠬᠦᠷᠢᠶ᠎ᠡ ᠴᠠᠷᠠᠭ᠎ᠠ ᠶᠢᠨ ᠲᠤᠰᠬᠠᠶ ᠮᠡᠷᠭᠡᠵᠢᠯᠲᠠᠨ ᠢᠶᠠᠷ ᠪᠦᠷᠢᠯᠳᠦᠭᠰᠡᠨ

        ᠲᠤᠰᠬᠠᠶ ᠮᠡᠷᠭᠡᠵᠢᠯᠲᠡᠨ ᠤ ᠬᠥᠮᠥᠷᠭᠡ ᠶᠢ ᠵᠣᠬᠢᠶᠠᠨ ᠪᠠᠶᠢᠭᠤᠯᠬᠤ ᠶᠢᠨ ᠬᠠᠮᠲᠤ ᠬᠥᠳᠡᠯᠦᠩᠭᠦᠶ ᠲᠣᠬᠢᠷᠠᠭᠤᠯᠤᠯᠲᠠ ᠬᠢᠬᠦ

        ᠵᠡᠷᠭᠡ ᠠᠵᠢᠯ ᠢ ᠬᠡᠷᠡᠭᠵᠢᠭᠦᠯᠦᠨ᠎ᠡ᠃

                ︵ᠬᠤᠶᠠᠷ︶ ᠠᠶᠢᠮᠠᠭ ᠬᠤᠳᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠲᠤᠰ ᠵᠠᠰᠠᠭ ᠵᠠᠬᠢᠷᠭᠠᠨ

         ᠤ ᠣᠷᠣᠨ ᠤ ᠪᠠᠨ ᠳᠣᠲᠣᠷᠠᠬᠢ ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ ᠬᠤᠷᠢᠶᠠᠨ‌ᠠᠪᠴᠦ ᠵᠠᠳᠠᠯᠤᠨ

        ᠰᠠᠯᠭᠠᠬᠤ ᠠᠵᠢᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃

               ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ

         ᠶᠢ ᠬᠤᠷᠢᠶᠠᠨ ᠠᠪᠴᠦ ᠵᠠᠳᠠᠯᠤᠨ ᠰᠠᠯᠭᠠᠬᠤ ᠠᠵᠤ ᠠᠬᠤᠶᠢᠯᠠᠯ ᠤᠨ ᠬᠢᠷᠢ ᠬᠡᠮ ᠢ ᠮᠠᠭᠠᠳᠯᠠᠨ ᠲᠣᠭᠲᠠᠭᠠᠬᠤ

        ᠠᠩᠬᠠᠨ ᠤ ᠬᠢᠨᠠᠯᠲᠠ ᠶᠢᠨ ᠠᠵᠢᠯ ᠢ ᠬᠠᠷᠢᠭᠤᠴᠠᠵᠤ᠂ ᠮᠠᠲ᠋ᠧᠷᠢᠶᠠᠯ ᠨᠢ ᠪᠦᠷᠢᠨ ᠬᠦᠢᠴᠡᠳ ᠪᠠᠶᠢᠬᠤ ᠡᠰᠡᠬᠦ᠂

        ᠬᠠᠤᠯᠢ ᠪᠠᠷ ᠲᠣᠭᠲᠠᠭᠠᠭᠰᠠᠨ ᠬᠡᠯᠪᠡᠷᠢ ᠳᠤ ᠨᠡᠶᠢᠴᠡᠬᠦ ᠡᠰᠡᠬᠦ ᠶᠢ ᠬᠢᠨᠠᠨ ᠬᠠᠷᠭᠤᠭᠤᠯᠬᠤ ᠬᠡᠷᠡᠭᠲᠡᠶ︔ ︽ᠬᠡᠷᠡᠭᠴᠡᠭᠡᠨ

         ᠠᠴᠠ ᠪᠠᠨ ᠭᠠᠷᠤᠭᠰᠠᠨ ᠮᠠᠰᠢᠨ ᠲᠡᠷᠭᠡ ᠶᠢ ᠬᠤᠷᠢᠶᠠᠨ ᠠᠪᠤᠭᠰᠠᠨ ᠭᠡᠷᠡᠴᠢ︾ ︵ᠨᠡᠶᠢᠳᠡ ᠵᠢᠷᠭᠤᠭᠠᠨ ᠬᠠᠭᠤᠳᠠᠰᠦ︶

         ᠶᠢ ᠳᠠᠷᠤᠮᠠᠯᠯᠠᠬᠤ᠂ ᠲᠠᠮᠠᠭ᠎ᠠ ᠳᠠᠷᠤᠬᠤ ᠪᠠ ᠣᠯᠭᠤᠬᠤ ᠠᠵᠢᠯ ᠢ ᠬᠠᠷᠢᠭᠤᠴᠠᠨ᠎ᠠ︔ ᠠᠵᠤ ᠠᠬᠤᠶᠢᠯᠠᠯ ᠤᠨ ᠲᠠᠩᠰᠠ

        ᠡᠪᠬᠡᠮᠡᠯ ᠢ ᠬᠤᠷᠢᠶᠠᠨ ᠠᠪᠴᠤ ᠵᠠᠳᠠᠯᠬᠤ᠂ ᠮᠡᠳᠡᠭᠡ ᠵᠠᠩᠭᠢ ᠶᠢᠨ ᠬᠠᠮᠢᠶᠠᠷᠤᠯᠲᠠ ᠶᠢ ᠬᠠᠷᠢᠭᠤᠴᠠᠨ᠎ᠠ︔ ᠬᠤᠷᠢᠶᠠᠨ

        ᠠᠪᠴᠦ ᠵᠠᠳᠠᠯᠤᠨ ᠰᠠᠯᠭᠠᠬᠤ ᠠᠵᠤ ᠠᠬᠤᠶᠢᠯᠠᠯ ᠳᠤ ᠬᠢᠨᠠᠯᠲᠠ ᠬᠠᠮᠢᠶᠠᠷᠤᠯᠲᠠ ᠲᠠᠯᠪᠢᠬᠤ ᠵᠡᠷᠭᠡ ᠠᠵᠢᠯ ᠢ

        ᠬᠠᠷᠢᠭᠤᠴᠠᠨ᠎ᠠ᠃

               ︵ᠭᠤᠷᠪᠠ︶ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠬᠤᠳᠠᠯᠳᠤᠭᠠᠨ ᠤ

        ᠶᠠᠪᠤᠳᠠᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ

        ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ ᠬᠤᠷᠢᠶᠠᠨ ᠠᠪᠴᠦ ᠵᠠᠳᠠᠯᠤᠨ ᠰᠠᠯᠭᠠᠬᠤ ᠠᠵᠢᠯᠯᠠᠭ᠎ᠠ ᠳᠤ

        ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃

               ᠡᠯ᠎ᠡ ᠭᠠᠵᠠᠷ ᠤᠨ ᠬᠤᠳᠠᠯᠳᠤᠭᠠᠨ ᠤ ᠶᠠᠪᠤᠳᠠᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢ

        ᠬᠥᠭᠵᠢᠭᠦᠯᠦᠯᠲᠡ ᠪᠤᠯᠤᠨ ᠥᠭᠡᠷᠡᠴᠢᠯᠡᠯᠲᠡ᠂ ᠠᠵᠤ ᠦᠢᠯᠡᠳᠪᠤᠷᠢ ᠮᠡᠳᠡᠭᠡ ᠵᠠᠩᠭᠢᠵᠢᠯᠲᠠ᠂ ᠳᠣᠲᠣᠭᠠᠳᠤ ᠶᠢ

        ᠬᠠᠮᠠᠭᠠᠯᠠᠬᠤ᠂ ᠠᠮᠢ ᠠᠬᠤᠶ ᠣᠷᠴᠢᠨ ᠲᠣᠭᠤᠷᠢᠨ᠂ ᠵᠠᠮ ᠬᠠᠷᠢᠯᠴᠠᠭ᠎ᠠ ᠲᠡᠭᠡᠭᠡᠪᠦᠷᠢ᠂ ᠵᠠᠬ᠎ᠠ ᠳᠡᠯᠭᠡᠭᠦᠷ ᠤᠨ ᠬᠢᠨᠠᠯᠲᠠ

        ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠳ ᠲᠠᠢ ᠬᠠᠮᠲᠤᠷᠠᠨ᠂ ᠰᠠᠯᠠᠭ᠎ᠠ ᠮᠥᠴᠢᠷ ᠤᠨ ᠡᠭᠦᠷᠭᠡ

        ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠬᠠᠷᠢᠶ᠎ᠠ ᠤᠷᠤᠨ ᠤ ᠬᠠᠮᠢᠶᠠᠷᠤᠯᠲᠠ ᠪᠠᠷ ᠵᠠᠷᠴᠢᠮ

        ᠪᠣᠯᠭᠠᠵᠤ᠂ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠵᠡᠷᠭᠡ ᠠᠷᠭ᠎ᠠ ᠬᠡᠯᠪᠡᠷᠢ ᠶᠢ

        ᠠᠪᠴᠤ᠂ ᠬᠠᠷᠢᠶ᠎ᠠ ᠣᠷᠣᠨ ᠤ ᠪᠠᠨ ᠳᠣᠲᠣᠷᠠᠬᠢ ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ ᠬᠤᠷᠢᠶᠠᠨ

        ᠠᠪᠴᠦ ᠵᠠᠳᠠᠯᠤᠨ ᠰᠠᠯᠭᠠᠬᠤ ᠠᠵᠢᠯᠯᠯᠠᠭ᠎ᠠ ᠳᠤ ᠦᠷᠬᠦᠯᠵᠢ ᠶᠢᠨ ᠬᠢᠨᠠᠯᠲᠠ ᠲᠠᠯᠪᠢᠵᠤ ᠬᠢᠨᠠᠨ ᠪᠠᠶᠢᠴᠠᠭᠠᠬᠤ ᠶᠢ

        ᠬᠡᠷᠡᠭᠵᠢᠭᠦᠯᠦᠨ᠎ᠡ᠃

               ᠬᠤᠶᠠᠷ᠂ ᠬᠢᠷᠢ ᠬᠡᠮ ᠢ ᠮᠠᠭᠠᠳᠯᠠᠨ ᠲᠣᠭᠲᠠᠭᠠᠬᠤ ᠳᠤ ᠪᠦᠷᠢᠯᠳᠦᠭᠦᠯᠪᠡᠰᠦ ᠵᠣᠬᠢᠬᠤ ᠨᠥᠬᠦᠴᠡᠯ ᠪᠠ

        ᠮᠠᠲ᠋ᠧᠷᠢᠶᠠᠯ ᠤᠨ ᠱᠠᠭᠠᠷᠳᠠᠯᠭ᠎ᠠ

               ︵ᠨᠢᠭᠡ︶ ᠬᠤᠷᠢᠶᠠᠨ ᠠᠪᠴᠦ ᠵᠠᠳᠠᠯᠤᠨ ᠰᠠᠯᠭᠠᠬᠤ ᠬᠢᠷᠢ ᠬᠡᠮ ᠢᠶᠠᠷ ᠮᠠᠭᠠᠳᠯᠠᠨ ᠲᠤᠭᠲᠠᠭᠠᠯᠲᠠ ᠶᠢ

        ᠤᠯᠬᠤ ᠳᠤ᠂ ᠳᠣᠣᠷ᠎ᠠ ᠵᠢᠭᠰᠠᠭᠠᠭᠰᠠᠨ ᠨᠥᠬᠦᠴᠡᠯ ᠤᠳ ᠢ ᠪᠦᠷᠢᠳᠦᠭᠦᠯᠦᠭᠰᠡᠨ ᠪᠠᠶᠢᠬᠤ ᠬᠡᠷᠡᠭᠲᠡᠶ

               1.ᠠᠵᠤ ᠠᠬᠤᠶᠢᠯᠠᠯ ᠤᠨ ᠬᠠᠤᠯᠢ ᠶᠢᠨ ᠬᠥᠮᠦᠨ ᠤ ᠬᠢᠷᠢ ᠬᠡᠮ ᠲᠠᠢ ᠪᠠᠶᠢᠬᠤ︔

               2. ᠵᠠᠳᠠᠯᠤᠨ ᠰᠠᠯᠭᠠᠵᠤ ᠡᠵᠡᠩᠨᠡᠬᠦ ᠲᠠᠯᠠᠪᠤᠷ ᠤᠨ ᠪᠠᠶᠢᠭ᠎ᠠ ᠭᠠᠵᠠᠷ ᠨᠢ ᠬᠤᠲᠠ ᠶᠢᠨ ᠶᠡᠷᠦᠩᠬᠡᠶ

        ᠲᠥᠯᠥᠪᠵᠢᠭᠦᠯᠭᠡ ᠪᠤᠶᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠵᠢᠴᠢ ᠠᠮᠤᠷ

        ᠲᠦᠪᠰᠢᠨ ᠤ ᠱᠠᠭᠠᠷᠳᠠᠯᠭ᠎ᠠ ᠳᠤ ᠨᠡᠶᠢᠴᠡᠭᠰᠡᠨ ᠪᠠᠶᠢᠪᠠᠯ᠂ ᠰᠠᠭᠤᠭᠠᠯᠢ ᠠᠷᠠᠳ ᠤᠨ ᠲᠣᠭᠤᠷᠢᠭ᠂ ᠬᠤᠳᠠᠯᠳᠤᠭᠠᠨ ᠤ

        ᠲᠣᠭᠤᠷᠢᠭ᠂ ᠢᠳᠡᠬᠦ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠵᠢᠴᠢ ᠪᠤᠰᠤᠳ ᠣᠷᠴᠢᠨ

        ᠲᠣᠭᠤᠷᠢᠨ ᠤ ᠰᠡᠷᠭᠡᠭ ᠣᠷᠣᠨ ᠲᠤᠲᠤᠷ᠎ᠠ ᠪᠠᠶᠢᠭᠤᠯᠵᠤ ᠪᠣᠯᠬᠤ ᠥᠬᠡᠶ︔

               3.ᠤᠯᠤᠰ ᠤᠨ ᠪᠠᠷᠢᠮᠵᠢᠶ᠎ᠠ ᠶᠢᠨ ︽ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ ᠬᠤᠷᠢᠶᠠᠨ

        ᠠᠪᠴᠦ ᠵᠠᠳᠠᠯᠤᠨ ᠰᠠᠯᠭᠠᠬᠤ ᠠᠵᠤ ᠠᠬᠤᠶᠢᠯᠠᠯ ᠤᠨ ᠮᠡᠷᠭᠡᠵᠢᠯ ᠤᠨ ᠲᠦᠷᠢᠮᠵᠢᠯ︾ ︵GB22128︶ ᠤᠨ ᠭᠠᠵᠠᠷ

        ᠂ ᠪᠡᠯᠡᠳᠬᠡᠮᠵᠢ ᠲᠥᠬᠦᠭᠡᠷᠦᠮᠵᠢ᠂ ᠬᠠᠳᠠᠭᠠᠯᠠᠬᠤ᠂ ᠰᠠᠯᠭᠠᠨ ᠵᠠᠳᠠᠯᠬᠤ ᠮᠡᠷᠭᠡᠵᠢᠯ ᠤᠨ ᠲᠦᠷᠢᠮᠵᠢᠯ ᠵᠢᠴᠢ

        ᠲᠤᠬᠢᠷᠠᠯᠴᠠᠭᠰᠠᠨ ᠲᠤᠰᠬᠠᠶ ᠮᠡᠷᠭᠡᠵᠢᠯ ᠤᠨ ᠠᠵᠢᠯᠳᠠᠨ ᠤ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ︔

               4. ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠷᠢᠮᠵᠢᠶ᠎ᠠ ᠶᠢᠨ ︽ᠬᠡᠷᠡᠭᠴᠡᠭᠡᠨ ᠠᠴᠠ ᠪᠠᠨ ᠭᠠᠷᠤᠭᠰᠠᠨ

        ᠮᠠᠰᠢᠨ ᠲᠡᠷᠭᠡ ᠶᠢ ᠵᠠᠳᠠᠯᠤᠨ ᠰᠠᠯᠭᠠᠬᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠮᠡᠷᠭᠡᠵᠢᠯ ᠤᠨ ᠲᠦᠷᠢᠮᠵᠢᠯ︾ ︵

        HJ348︶ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ︔

               5.ᠤᠯᠤᠰ ᠤᠨ ᠲᠣᠭᠲᠠᠭᠠᠯ ᠳᠤ ᠨᠡᠶᠢᠴᠡᠭᠰᠡᠨ ᠠᠮᠢ ᠠᠬᠤᠶ ᠶᠢᠨ ᠣᠷᠴᠢᠨ ᠨᠥᠬᠦᠴᠡᠯ ᠢ ᠬᠠᠮᠠᠭᠠᠯᠠᠬᠤ

        ᠲᠦᠷᠢᠮ ᠲᠤᠭᠲᠠᠭᠠᠯ ᠲᠠᠢ ᠪᠠᠶᠢᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠲᠤᠬᠢᠷᠠᠯᠴᠠᠭᠰᠠᠨ ᠠᠷᠭ᠎ᠠ ᠬᠡᠮᠵᠢᠶ᠎ᠡ ᠶᠢ

        ᠪᠦᠷᠢᠳᠦᠭᠦᠯᠵᠦ᠂ ᠵᠠᠳᠠᠯᠤᠨ ᠰᠠᠯᠭᠠᠵᠤ ᠭᠠᠷᠭᠠᠭᠰᠠᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠲᠣᠬᠢᠲᠠᠶ

        ᠰᠢᠢᠳᠪᠤᠷᠢᠯᠡᠬᠦ ᠲᠥᠰᠦᠯ ᠲᠠᠢ ᠪᠠᠶᠢᠵᠤ᠂ ᠰᠢᠢᠳᠪᠤᠷᠢᠯᠡᠬᠦ  ᠠᠷᠭ᠎ᠠ ᠬᠡᠯᠪᠡᠷᠢ ᠨᠢ ︽ᠪᠥᠬᠦᠳᠡ ᠨᠠᠶᠢᠷᠠᠮᠳᠠᠬᠤ ᠳᠤᠮᠳᠠᠳᠤ

        ᠠᠷᠠᠳ ᠤᠯᠤᠰ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠠᠬᠤᠶ ᠶᠢ ᠪᠣᠬᠢᠷᠲᠤᠭᠤᠯᠬᠤ ᠶᠢ

        ᠰᠡᠷᠭᠡᠶᠢᠯᠡᠨ ᠵᠠᠰᠠᠬᠤ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃

               ︵ᠬᠤᠶᠠᠷ︶ ᠬᠢᠷᠢ ᠬᠡᠮ ᠤᠨ ᠮᠠᠭᠠᠳᠯᠠᠨ ᠲᠤᠭᠲᠠᠭᠠᠯᠲᠠ ᠶᠢ ᠭᠤᠶᠤᠴᠢᠯᠠᠬᠤ ᠳᠤ ᠲᠤᠰᠢᠶᠠᠪᠠᠰᠤ ᠵᠣᠬᠢᠬᠤ

        ᠮᠠᠲ᠋ᠧᠷᠢᠶᠠᠯ

               ᠬᠢᠷᠢ ᠬᠡᠮ ᠤᠨ ᠮᠠᠭᠠᠳᠯᠠᠨ ᠲᠤᠭᠲᠠᠭᠠᠯᠲᠠ ᠶᠢ ᠭᠤᠶᠤᠴᠢᠯᠠᠬᠤ ᠠᠵᠤ ᠠᠬᠤᠶᠢᠯᠠᠯ ᠨᠢ ᠵᠠᠳᠠᠯᠤᠨ ᠰᠠᠯᠭᠠᠬᠤ

        ᠡᠵᠡᠩᠨᠡᠯᠲᠡ ᠶᠢᠨ ᠭᠠᠵᠠᠷ ᠤᠨ ᠪᠠᠶᠢᠭ᠎ᠠ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠭᠤᠤᠯᠯᠠᠨ ᠬᠠᠮᠢᠶᠠᠷᠬᠤ

        ᠰᠠᠯᠠᠭ᠎ᠠ ᠮᠥᠴᠢᠷ ᠪᠤᠶᠤ ᠬᠤᠳᠠᠯᠳᠤᠭᠠᠨ ᠤ ᠶᠠᠪᠤᠳᠠᠯ ᠤᠨ ᠶᠠᠮᠤᠨ ᠤ ︽ᠪᠥᠬᠦ ᠤᠯᠤᠰ ᠤᠨ ᠮᠠᠰᠢᠨ ᠲᠡᠷᠭᠡᠨ ᠤ

        ᠬᠦᠢᠯᠭᠡᠭᠡᠨ ᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠬᠡᠷᠡᠭᠯᠡᠭᠡᠨ ᠤ ᠦᠢᠯᠡᠴᠢᠯᠡᠭᠡ︾ ᠶᠢᠨ ᠰᠢᠰᠲ᠋ᠧᠮ ᠢᠶᠠᠷ

        ᠳᠠᠮᠵᠢᠭᠤᠯᠤᠨ ᠭᠤᠶᠤᠴᠢᠯᠠᠬᠤ ᠶᠢᠨ ᠬᠠᠮᠲᠤ ᠳᠣᠤᠷᠠᠬᠢ ᠮᠡᠲᠦ ᠪᠢᠴᠢᠭ ᠤᠨ ᠮᠠᠲ᠋ᠧᠷᠢᠶᠠᠯ ᠢ ᠲᠤᠰᠢᠶᠠᠬᠤ ᠬᠡᠷᠡᠭᠲᠡᠶ᠄

               1.ᠪᠠᠶᠢᠭᠤᠯᠬᠤ ᠭᠤᠶᠤᠴᠢᠯᠠᠯ ᠤᠨ ᠮᠡᠳᠡᠭᠦᠯᠦᠯᠲᠡ ︵ᠭᠤᠶᠤᠴᠢᠯᠠᠭᠰᠠᠨ ᠠᠵᠤ ᠠᠬᠤᠶᠢᠯᠠᠯ ᠤᠨ ᠨᠡᠷᠡᠶᠢᠳᠦᠯ᠂

        ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ ᠳᠠᠩᠰᠠᠯᠠᠭᠤᠯᠤᠭᠰᠠᠨ ᠬᠦᠷᠦᠩᠭᠡ᠂ ᠣᠷᠣᠨ ᠰᠠᠭᠤᠴᠠ᠂ ᠵᠠᠳᠠᠯᠤᠨ

        ᠰᠠᠯᠭᠠᠬᠤ ᠭᠠᠵᠠᠷ᠂ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ ᠵᠡᠷᠭᠡ ᠠᠭᠤᠯᠭ᠎ᠠ ᠪᠠᠨ

        ᠲᠣᠳᠣᠷᠬᠠᠶ ᠪᠢᠴᠢᠬᠦ ᠬᠡᠷᠡᠭᠲᠡᠶ︶︔

               2 .ᠠᠵᠤ ᠠᠬᠤᠶᠢᠯᠠᠯ ᠤᠨ ︽ᠡᠵᠡᠩᠨᠡᠯᠲᠡ ᠶᠢᠨ ᠦᠨᠡᠮᠯᠡᠯ︾ ᠢ ᠭᠤᠶᠤᠴᠢᠯᠠᠬᠤ︔

               3.ᠠᠵᠤ ᠠᠬᠤᠶᠢᠯᠠᠯ ᠤᠨ ᠲᠦᠷᠢᠮ ᠲᠤᠭᠲᠠᠭᠠᠯ ᠢ ᠭᠤᠶᠤᠴᠢᠯᠠᠬᠤ︔

               4. ᠭᠤᠶᠤᠴᠢᠯᠠᠵᠦ ᠪᠠᠶᠢᠭ᠎ᠠ ᠠᠵᠤ ᠠᠬᠤᠶᠢᠯᠠᠯ ᠤᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ

        ᠪᠡᠶ᠎ᠡ ᠶᠢᠨ ᠦᠨᠡᠮᠯᠡᠯ ᠪᠤᠶᠤ ᠪᠤᠰᠤᠳ ᠬᠦᠴᠦᠨ ᠪᠥᠬᠦᠶ ᠪᠡᠶ᠎ᠡ ᠶᠢᠨ ᠦᠨᠡᠮᠯᠡᠯ ︔

               5.ᠵᠠᠳᠠᠯᠤᠨ ᠰᠠᠯᠭᠠᠬᠤ ᠡᠵᠡᠩᠨᠡᠯᠲᠡ ᠶᠢᠨ ᠭᠠᠵᠠᠷ ᠤᠨ ᠭᠠᠵᠠᠷ ᠰᠢᠷᠣᠶ ᠶᠢ ᠬᠡᠷᠡᠭᠯᠡᠬᠦ ᠡᠷᠬᠡ᠂ ᠭᠡᠷ

        ᠪᠠᠶᠢᠰᠢᠩ ᠤᠨ ᠥᠮᠴᠢᠯᠡᠬᠦ ᠡᠷᠬᠡ ᠶᠢᠨ ᠭᠡᠷᠡᠴᠢ ᠪᠤᠶᠤ ᠲᠦᠷᠢᠶᠡᠰᠦᠯᠡᠬᠦ ᠬᠤᠭᠤᠴᠠᠭ᠎ᠠ ᠨᠢ 10 ᠵᠢᠯ ᠠᠴᠠ ᠳᠡᠭᠡᠭᠰᠢ

        ᠪᠠᠶᠢᠬᠤ ᠭᠠᠵᠠᠷ ᠰᠢᠷᠣᠶ ᠶᠢ ᠲᠦᠷᠢᠶᠡᠰᠦᠯᠡᠬᠦ ᠭᠡᠷ᠎ᠡ ᠪᠤᠶᠤ ᠭᠠᠵᠠᠷ ᠰᠢᠷᠣᠶ ᠶᠢ ᠬᠡᠷᠡᠭᠯᠡᠬᠦ ᠡᠷᠬᠡ ᠶᠢ ᠲᠦᠷᠢᠶᠡᠰᠦᠯᠡᠭᠦᠯᠬᠦ

        ᠭᠡᠷ᠎ᠡ ᠵᠢᠴᠢ ᠭᠡᠷ ᠪᠠᠶᠢᠰᠢᠩ ᠢ ᠲᠦᠷᠢᠶᠡᠰᠦᠯᠡᠭᠦᠯᠬᠦ ᠶᠢ ᠭᠡᠷᠡᠴᠢᠯᠡᠬᠦ ᠮᠠᠲ᠋ᠧᠷᠢᠶᠠᠯ ︔

               6.ᠠᠵᠤ ᠠᠬᠤᠶᠢᠯᠠᠯ ᠶᠢᠨ ᠬᠤᠳᠠᠯᠳᠤᠨ ᠠᠪᠬᠤ ᠪᠠᠷ ᠭᠤᠶᠤᠴᠢᠯᠠᠭᠰᠠᠨ ᠪᠤᠶᠤ ᠪᠡᠯᠡ ᠲᠤᠬᠢᠷᠠᠭᠤᠯᠭ᠎ᠠ ᠶᠢᠨ

        ᠲᠦᠷᠢᠶᠡᠰᠦᠯᠡᠭᠰᠡᠨ ᠠᠷᠭ᠎ᠠ ᠮᠠᠶ᠋ᠢᠭ ᠢᠶᠠᠷ ᠣᠯᠤᠭᠰᠠᠨ ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢᠨ

        ᠵᠠᠳᠠᠯᠬᠤ ᠪᠠ ᠪᠣᠬᠢᠷᠲᠤᠯ ᠢ ᠰᠡᠷᠭᠡᠶᠢᠯᠡᠨ ᠵᠠᠰᠠᠬᠤ ᠳᠤ ᠬᠡᠷᠡᠭᠯᠡᠬᠦ ᠲᠥᠬᠦᠭᠡᠷᠦᠮᠵᠢ᠂ ᠲᠥᠬᠦᠭᠡᠷᠦᠮᠵᠢ ᠶᠢᠨ ᠲᠣᠳᠣᠷᠬᠠᠶ

        ᠬᠠᠭᠤᠳᠠᠰᠤ ᠵᠢᠴᠢ ᠪᠠᠷᠢᠮᠲᠠ ᠪᠤᠶᠤ ᠪᠡᠯᠡ ᠲᠤᠬᠢᠷᠠᠭᠤᠯᠭ᠎ᠠ ᠶᠢᠨ ᠲᠦᠷᠢᠶᠡᠰᠦᠯᠡᠭᠰᠡᠨ ᠭᠡᠷ᠎ᠡ ᠵᠡᠷᠭᠡ ᠥᠮᠴᠢᠯᠡᠯ ᠤᠨ

        ᠡᠷᠬᠡ ᠶᠢ ᠭᠡᠷᠡᠴᠢᠯᠡᠬᠦ ᠪᠢᠴᠢᠭ ᠮᠠᠲ᠋ᠧᠷᠢᠶᠠᠯ︔

               7. ᠠᠮᠢ ᠠᠬᠤᠶ ᠶᠢᠨ ᠣᠷᠴᠢᠨ ᠲᠣᠭᠤᠷᠢᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠭᠠᠷᠭᠠᠭᠰᠠᠨ

        ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ  ᠤᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠪᠢᠴᠢᠭ

        ᠮᠠᠲ᠋ᠧᠷᠢᠶᠠᠯ ᠤᠨ ᠬᠢᠨᠠᠨ ᠵᠥᠪᠰᠢᠶᠡᠷᠡᠭᠰᠡᠨ ᠪᠢᠴᠢᠭ ᠮᠠᠲ᠋ᠧᠷᠢᠶᠠᠯ︔

               8.ᠭᠤᠶᠤᠴᠢᠯᠠᠵᠦ ᠪᠠᠶᠢᠭ᠎ᠠ ᠠᠵᠤ ᠠᠬᠤᠶᠢᠯᠠᠯ ᠤᠨ ᠳᠡᠭᠡᠳᠦ ᠵᠡᠷᠭᠡ ᠶᠢᠨ ᠬᠠᠮᠢᠶᠠᠷᠤᠯᠲᠠ ᠪᠠ ᠲᠤᠰᠬᠠᠶ

        ᠮᠡᠷᠭᠡᠵᠢᠯ ᠤᠨ ᠠᠵᠢᠯᠳᠠᠨ ᠤ ᠨᠡᠷᠡᠰ︔

               9. ᠭᠤᠶᠤᠴᠢᠯᠠᠵᠦ ᠪᠠᠶᠢᠭ᠎ᠠ ᠠᠵᠤ ᠠᠬᠤᠶᠢᠯᠠᠯ ‍ᠤᠨ‌ᠵᠠᠳᠠᠯᠤᠨ ᠰᠠᠯᠭᠠᠬᠤ ᠠᠵᠢᠯᠯᠠᠭᠠᠨ ᠤ ᠲᠦᠷᠢᠮᠵᠢᠯ᠂

        ᠠᠶᠤᠯᠭᠦᠶ ᠶᠢᠨ ᠲᠦᠷᠢᠮ ᠲᠤᠭᠲᠠᠭᠠᠯ ᠪᠠ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠠᠰᠢᠭᠯᠠᠨ ᠰᠢᠢᠳᠪᠤᠷᠢᠯᠡᠬᠦ

        ᠲᠥᠰᠦᠯ ᠃

               ᠳᠡᠭᠡᠷ᠎ᠡ ᠳᠤᠷᠠᠳᠤᠭᠰᠠᠨ ᠮᠠᠲ᠋ᠧᠷᠢᠶᠠᠯ ᠢ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠰᠢᠰᠲ᠋ᠧᠮ ᠢᠶᠠᠷ

        ᠳᠠᠮᠵᠢᠭᠤᠯᠤᠨ ᠣᠯᠵᠤ ᠪᠤᠯᠪᠠᠯ᠂ ᠬᠢᠨᠠᠨ ᠬᠠᠷᠭᠤᠭᠤᠯᠬᠤ ᠪᠠᠶᠢᠭᠤᠯᠭ᠎ᠠ ᠠᠴᠠ ᠠᠵᠤ ᠠᠬᠤᠶᠢᠯᠠᠯ ᠢᠶᠠᠷ ᠲᠠᠬᠢᠨ

        ᠲᠤᠰᠢᠶᠠᠬᠤ ᠪᠠᠷ ᠱᠠᠭᠠᠷᠳᠠᠬᠤ ᠦᠭᠡᠢ ᠪᠠᠶᠢᠵᠤ ᠪᠣᠯᠤᠨ᠎ᠠ᠃

               ᠭᠤᠷᠪᠠ᠂ ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ ᠬᠤᠷᠢᠶᠠᠨ ᠠᠪᠴᠦ ᠵᠠᠳᠠᠯᠤᠨ

        ᠰᠠᠯᠭᠠᠬᠤ ᠠᠵᠤ ᠠᠬᠤᠶᠢᠯᠠᠯ ᠤᠨ ᠬᠢᠷᠢ ᠬᠡᠮ ᠢ ᠮᠠᠭᠠᠳᠯᠠᠨ ᠲᠣᠭᠲᠠᠭᠠᠬᠤ ᠶᠢ ᠬᠦᠢᠴᠡᠳᠭᠡᠬᠦ ᠲᠠᠷᠠᠭᠠᠯᠠᠯ

               ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠠᠩᠬᠠᠨ ᠤ ᠬᠢᠨᠠᠯᠲᠠ

               1. ᠭᠤᠶᠤᠴᠢᠯᠠᠵᠦ ᠪᠠᠶᠢᠭ᠎ᠠ ᠠᠵᠤ ᠠᠬᠤᠶᠢᠯᠠᠯ ᠨᠢ ︽ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ

        ᠲᠡᠷᠭᠡ ᠶᠢ ᠬᠤᠷᠢᠶᠠᠨ ᠠᠪᠬᠤ ᠬᠠᠮᠢᠶᠠᠷᠤᠯᠲᠠ ᠶᠢᠨ ᠠᠷᠭ᠎ᠠ︾᠂ ︽ᠬᠡᠷᠡᠭᠵᠢᠭᠦᠯᠬᠦ ᠨᠠᠷᠢᠨ ᠲᠦᠷᠢᠮ︾᠂ ︽

        ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ ᠬᠤᠷᠢᠶᠠᠨ ᠠᠪᠴᠦ ᠵᠠᠳᠠᠯᠤᠨ ᠰᠠᠯᠭᠠᠬᠤ ᠠᠵᠤ

        ᠠᠬᠤᠶᠢᠯᠠᠯ ᠤᠨ ᠮᠡᠷᠭᠡᠵᠢᠯ ᠤᠨ ᠲᠦᠷᠢᠮᠵᠢᠯ︾ ᠪᠣᠯᠤᠨ ᠲᠣᠰ ᠮᠡᠳᠡᠭᠳᠡᠯ ᠤᠨ ᠬᠤᠯᠪᠣᠭᠳᠠᠯ ᠪᠥᠬᠦᠶ ᠲᠣᠭᠲᠠᠭᠠᠯ

        ᠶᠣᠰᠣᠭᠠᠷ᠂ ᠰᠠᠯᠭᠠᠨ ᠵᠠᠳᠠᠯᠬᠤ ᠡᠵᠡᠩᠨᠡᠯᠲᠡ ᠶᠢᠨ ᠲᠠᠯᠠᠪᠤᠷ ᠤᠨ ᠪᠠᠶᠢᠭ᠎ᠠ ᠭᠠᠵᠠᠷ ᠤᠨ ᠢᠶᠠᠨ ᠠᠶᠢᠮᠠᠭ ᠬᠤᠲᠠ ᠶᠢᠨ

        ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠳᠤ ᠭᠤᠶᠤᠴᠢᠯᠠᠬᠤ ᠮᠠᠲ᠋ᠧᠷᠢᠶᠠᠯ ᠢᠶᠠᠨ ᠬᠠᠩᠭᠠᠬᠤ ᠬᠡᠷᠡᠭᠲᠡᠶ︔

               2. ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠨᠢ ᠭᠤᠶᠤᠴᠢᠯᠠᠭᠰᠠᠨ

        ᠮᠠᠲ᠋ᠧᠷᠢᠶᠠᠯ ᠨᠢ ᠪᠦᠷᠢᠨ ᠬᠦᠢᠴᠡᠳ ᠪᠠᠶᠢᠬᠤ ᠡᠰᠡᠬᠦ᠂ ᠬᠠᠤᠯᠢ ᠪᠠᠷ ᠲᠣᠭᠲᠠᠭᠠᠭᠰᠠᠨ ᠬᠡᠯᠪᠡᠷᠢ ᠳᠤ ᠨᠡᠶᠢᠴᠡᠬᠦ ᠡᠰᠡᠬᠦ ᠶᠢ

        ᠬᠢᠨᠠᠨ ᠬᠠᠷᠭᠤᠭᠤᠯᠬᠤ ᠬᠡᠷᠡᠭᠲᠡᠶ᠃ ᠮᠠᠲ᠋ᠧᠷᠢᠶᠠᠯ ᠨᠢ ᠪᠦᠷᠢᠨ ᠪᠤᠰᠤ ᠪᠤᠶᠤ ᠬᠠᠤᠯᠢ ᠪᠠᠷ ᠲᠣᠭᠲᠠᠭᠠᠭᠰᠠᠨ ᠬᠡᠯᠪᠡᠷᠢ ᠳᠤ

        ᠨᠡᠶᠢᠴᠡᠬᠦ ᠥᠬᠡᠶ ᠭᠡᠵᠦ ᠦᠵᠡᠪᠡᠯ᠂ ᠨᠥᠬᠦᠪᠥᠷᠢᠯᠡᠨ ᠵᠠᠯᠠᠷᠠᠭᠤᠯᠬᠤ ᠴᠢᠬᠤᠯᠠᠲᠠᠶ ᠪᠥᠬᠦ ᠠᠭᠤᠯᠭ᠎ᠠ ᠶᠢ 5 ᠠᠵᠢᠯᠯᠠᠬᠤ

        ᠡᠳᠦᠷ ᠤᠨ ᠳᠣᠲᠣᠷ᠎ᠠ ᠨᠢᠭᠡ ᠯᠡ ᠤᠳᠠᠭ᠎ᠠ ᠳᠤ ᠮᠡᠳᠡᠭᠳᠡᠨ᠎ᠡ︔ ᠭᠤᠶᠤᠴᠢᠯᠠᠭᠰᠠᠨ ᠮᠠᠲ᠋ᠧᠷᠢᠶᠠᠯ ᠨᠢ ᠪᠦᠷᠢᠨ ᠭᠦᠢᠴᠡᠳ

        ᠂ ᠬᠠᠤᠯᠢ ᠪᠠᠷ ᠲᠣᠭᠲᠠᠭᠠᠭᠰᠠᠨ ᠬᠡᠯᠪᠡᠷᠢ ᠮᠠᠶ᠋ᠢᠭ ᠲᠤ ᠨᠡᠶᠢᠴᠡᠬᠦ᠂ ᠡᠰᠡᠬᠦᠯ᠎ᠡ ᠠᠵᠤ ᠠᠬᠤᠶᠢᠯᠠᠯ ᠤᠨ ᠱᠠᠭᠠᠷᠳᠠᠯᠭ᠎ᠠ

        ᠶᠣᠰᠣᠭᠠᠷ ᠨᠥᠬᠦᠵᠦ ᠵᠠᠯᠠᠷᠠᠭᠤᠯᠬᠤ ᠪᠥᠬᠦ ᠮᠠᠲ᠋ᠧᠷᠢᠶᠠᠯ ᠢᠶᠠᠨ ᠲᠤᠰᠢᠶᠠᠭᠰᠠᠨ ᠪᠠᠶᠢᠪᠠᠯ᠂ ᠠᠶᠢᠮᠠᠭ ᠬᠤᠳᠠ ᠶᠢᠨ

        ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠴᠠ ᠬᠢᠨᠠᠭᠰᠠᠨ ᠰᠠᠨᠠᠯ ᠪᠣᠯᠤᠨ ᠠᠵᠤ ᠠᠬᠤᠶᠢᠯᠠᠯ ᠤᠨ ᠲᠤᠰᠢᠶᠠᠭᠰᠠᠨ

        ᠭᠤᠶᠤᠴᠢᠯᠠᠭᠰᠠᠨ ᠮᠠᠲ᠋ᠧᠷᠢᠶᠠᠯ ᠢᠶᠠᠨ ᠬᠠᠮᠲᠤ ᠳᠤᠨᠢ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ

         ᠤᠨ ᠲᠢᠩᠬᠢᠮ ᠲᠤ ᠮᠡᠳᠡᠭᠦᠯᠬᠦ ᠬᠡᠷᠡᠭᠲᠡᠶ᠃ ᠬᠢᠨᠠᠨ ᠬᠠᠷᠭᠤᠭᠤᠯᠤᠭᠰᠠᠨ ᠰᠠᠨᠠᠯ ᠳᠤ ︽ᠵᠠᠳᠠᠯᠤᠨ ᠰᠠᠯᠭᠠᠬᠤ

        ᠡᠵᠡᠩᠨᠡᠯᠲᠡ ᠶᠢᠨ ᠲᠠᠯᠠᠪᠤᠷ ᠤᠨ ᠭᠠᠵᠠᠷ ᠨᠢ ᠪᠠᠶᠢᠭ᠎ᠠ ᠬᠤᠲᠠ ᠶᠢᠨ ᠶᠡᠷᠦᠩᠬᠡᠶ ᠲᠥᠯᠥᠪᠵᠢᠭᠦᠯᠭᠡ ᠪᠤᠶᠤ ᠤᠯᠤᠰ ᠤᠨ

        ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠵᠢᠴᠢ ᠠᠮᠤᠷ ᠲᠦᠪᠰᠢᠨ ᠤ ᠱᠠᠭᠠᠷᠳᠠᠯᠭ᠎ᠠ ᠳᠤ ᠨᠡᠶᠢᠴᠡᠵᠦ᠂

        ᠰᠠᠭᠤᠭᠠᠯᠢ ᠠᠷᠠᠳ ᠤᠨ ᠲᠣᠭᠤᠷᠢᠭ᠂ ᠬᠤᠳᠠᠯᠳᠤᠭᠠᠨ ᠤ ᠲᠣᠭᠤᠷᠢᠭ᠂ ᠤᠤᠭᠤᠬᠤ ᠤᠰᠤᠨ ᠤ ᠡᠬᠢ ᠰᠤᠷᠪᠤᠯᠵᠢ ᠶᠢᠨ

        ᠬᠠᠮᠠᠭᠠᠯᠠᠯᠲᠠ ᠶᠢᠨ ᠣᠷᠣᠨ ᠵᠢᠴᠢ ᠪᠤᠰᠤᠳ ᠣᠷᠴᠢᠨ ᠠᠬᠤᠶ ᠶᠢᠨ ᠰᠡᠷᠭᠡᠭ ᠣᠷᠣᠨ ᠳᠤ ᠪᠠᠶᠢᠭᠤᠯᠤᠭᠰᠠᠨ ᠥᠬᠡᠶ︾

        ᠭᠡᠵᠦ ᠲᠣᠳᠣᠷᠬᠠᠶᠢᠯᠠᠬᠤ ᠬᠡᠷᠡᠭᠲᠡᠶ᠃

                ︵ᠬᠤᠶᠠᠷ︶ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠰᠢᠯᠭᠠᠨ

        ᠪᠠᠶᠢᠴᠠᠭᠠᠵᠦ ᠮᠠᠭᠠᠳᠯᠠᠨ ᠲᠤᠭᠲᠠᠭᠠᠬᠤ

               1. ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠭᠤᠶᠤᠴᠢᠯᠠᠭᠰᠠᠨ

        ᠮᠠᠲ᠋ᠧᠷᠢᠶᠠᠯ ᠨᠢ ᠪᠦᠷᠢᠨ ᠭᠦᠢᠴᠡᠳ᠂ ᠬᠠᠤᠯᠢ ᠳᠤ ᠲᠣᠭᠲᠠᠭᠠᠭᠰᠠᠨ ᠬᠡᠯᠪᠡᠷᠢ ᠳᠤ ᠨᠡᠶᠢᠴᠡᠭᠰᠡᠨ ᠪᠠᠶᠢᠪᠠᠯ ᠬᠦᠯᠢᠶᠡᠨ

        ᠠᠪᠴᠤ ᠰᠢᠢᠳᠪᠤᠷᠢᠯᠡᠨ᠎ᠡ᠃ ᠬᠢᠷᠢ ᠬᠡᠮ ᠢ ᠨᠢ ᠮᠠᠭᠠᠳᠯᠠᠨ ᠲᠤᠭᠲᠠᠭᠠᠬᠤ ᠭᠤᠶᠤᠴᠢᠯᠠᠯ ᠢ ᠭᠥᠯᠢᠶᠡᠨ ᠠᠪᠤᠭᠰᠠᠨ

        ᠡᠳᠦᠷ ᠠᠴᠠ ᠡᠬᠢᠯᠡᠨ 20 ᠠᠵᠢᠯᠯᠠᠬᠤ ᠡᠳᠦᠷ ᠤᠨ ᠳᠣᠲᠣᠷ᠎ᠠ ᠬᠢᠨᠠᠨ ᠪᠠᠶᠢᠴᠠᠭᠠᠬᠤ ᠠᠵᠢᠯ ᠢ ᠳᠠᠭᠤᠰᠬᠠᠬᠤ ᠶᠢᠨ

        ᠬᠠᠮᠲᠤ ᠬᠠᠮᠢᠶ᠎ᠠ ᠪᠥᠬᠦᠶ ᠲᠣᠭᠲᠠᠭᠠᠯ ᠭᠠᠷᠭᠠᠵᠤ᠂ ᠥᠪᠡᠷᠲᠡᠭᠡᠨ‌ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ

        ᠲᠢᠩᠬᠢᠮ ᠤᠨ ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠦᠭᠡᠳ ᠳᠠᠬᠢᠨ 10 ᠠᠵᠢᠯᠯᠠᠬᠤ ᠡᠳᠦᠷ ᠤᠷᠲᠤᠳᠬᠠᠵᠤ

        ᠪᠣᠯᠤᠨ᠎ᠠ ︵ᠲᠤᠬᠠᠶ ᠶᠢᠨ ᠲᠠᠯᠠᠪᠤᠷ ᠲᠤ ᠰᠢᠯᠭᠠᠨ ᠠᠪᠴᠤ ᠬᠢᠨᠠᠨ ᠲᠣᠭᠲᠠᠭᠠᠬᠤ᠂ ᠭᠡᠷᠡᠴᠢᠯᠡᠭᠡ ᠰᠣᠨᠣᠰᠬᠤ᠂ ᠳᠠᠬᠢᠨ

        ᠦᠨᠡᠯᠡᠵᠦ ᠳᠠᠬᠢᠨ ᠬᠢᠨᠠᠬᠤ᠂ ᠢᠯᠡ ᠨᠡᠶᠢᠲᠡᠯᠡᠬᠦ ᠵᠡᠷᠭᠡ ᠳᠤ ᠬᠡᠷᠡᠭᠰᠡᠬᠦ ᠴᠠᠭ ᠢ ᠲᠣᠭᠲᠠᠭᠰᠠᠨ ᠬᠤᠭᠤᠴᠠᠭᠠᠨ ᠳᠤ

        ᠪᠤᠳᠤᠵᠤ ᠣᠷᠣᠭᠤᠯᠬᠤ ᠥᠬᠡᠶ︶︔

               2. ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠬᠢᠷᠢ ᠬᠡᠮ ᠢ ᠮᠠᠭᠠᠳᠯᠠᠨ

        ᠲᠤᠭᠲᠠᠭᠠᠬᠤ ᠭᠤᠶᠤᠴᠢᠯᠠᠯ ᠢ ᠭᠥᠯᠢᠶᠡᠨ ᠠᠪᠤᠭᠰᠠᠨ ᠤ ᠳᠠᠷᠠᠭ᠎ᠠ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠢ

        ᠵᠣᠬᠢᠶᠠᠨ ᠪᠠᠶᠢᠭᠤᠯᠤᠨ ᠪᠠᠶᠢᠭᠤᠯᠵᠤ ᠭᠤᠶᠤᠴᠢᠯᠠᠭᠰᠠᠨ ᠠᠵᠤ ᠠᠬᠤᠶᠢᠯᠠᠯ ᠳᠤ ᠲᠤᠬᠠᠶ ᠶᠢᠨ ᠲᠠᠯᠠᠪᠤᠷ ᠲᠤᠨᠢ ᠰᠢᠯᠭᠠᠨ

        ᠠᠪᠴᠤ ᠮᠠᠭᠠᠳᠯᠠᠨ ᠲᠤᠭᠲᠠᠭᠠᠬᠤ  ᠶᠢᠨ ᠬᠠᠮᠲᠤ ︽ᠲᠤᠬᠠᠶ ᠶᠢᠨ ᠲᠠᠯᠠᠪᠤᠷ ᠲᠤᠨᠢ ᠰᠢᠯᠭᠠᠨ ᠠᠪᠴᠤ ᠮᠠᠭᠠᠳᠯᠠᠨ

        ᠲᠤᠭᠲᠠᠭᠠᠬᠤ ᠰᠠᠨᠠᠯ ᠤᠨ ᠬᠦᠰᠦᠨᠦᠭᠲᠦ︾ ᠶᠢ ᠭᠠᠷᠭᠠᠵᠤ ᠥᠭᠭᠦᠨ᠎ᠡ᠃ ᠮᠠᠭᠠᠳᠯᠠᠨ ᠲᠤᠭᠲᠠᠭᠠᠬᠤ ᠲᠤᠰᠬᠠᠶ

        ᠮᠡᠷᠭᠡᠵᠢᠯᠲᠡᠨ ᠤ ᠳᠤᠭᠤᠶᠢᠯᠠᠩ ᠨᠢ ᠬᠤᠷᠢᠶᠠᠨ ᠠᠪᠴᠦ ᠵᠠᠳᠠᠯᠤᠨ ᠰᠠᠯᠭᠠᠬᠤ ᠶᠢ ᠬᠢᠨᠠᠨ ᠲᠣᠭᠲᠠᠭᠠᠬᠤ ᠲᠤᠰᠬᠠᠶ

        ᠮᠡᠷᠭᠡᠵᠢᠯᠲᠡᠨ ᠤ ᠬᠥᠮᠥᠷᠭᠡ ᠠᠴᠠ ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ ᠬᠤᠷᠢᠶᠠᠨ ᠠᠪᠴᠦ

        ᠵᠠᠳᠠᠯᠤᠨ ᠰᠠᠯᠭᠠᠬᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠡᠳ᠋ ᠤᠨ ᠶᠠᠪᠤᠳᠠᠯ ᠪᠠ ᠠᠵᠢᠯ

        ᠲᠥᠷᠥᠯ ᠤᠨ ᠬᠠᠮᠢᠶᠠᠷᠤᠯᠲᠠ ᠶᠢᠨ ᠲᠤᠰᠬᠠᠶ ᠮᠡᠷᠭᠡᠵᠢᠯᠲᠡᠨ ᠢ ᠪᠠᠭᠲᠠᠭᠠᠭᠰᠠᠨ 5 ᠠᠴᠠ ᠳᠡᠭᠡᠭᠰᠢ ᠲᠤᠰᠬᠠᠶ

        ᠮᠡᠷᠭᠡᠵᠢᠯᠲᠡᠨ ᠢ ᠮᠠᠰᠢᠨ ᠤ ᠲᠣᠬᠢᠶᠠᠯᠳᠤᠯ ᠢᠶᠠᠷ ᠰᠣᠩᠭᠤᠨ ᠭᠠᠷᠭᠠᠵᠤ᠂ 1:1:1:2 ᠤᠨ ᠬᠠᠷᠢᠴᠠᠯ ᠢᠶᠠᠷ

        ᠪᠦᠷᠢᠯᠳᠦᠭᠦᠯᠦᠨ᠎ᠡ᠃

               3. ᠮᠠᠲ᠋ᠧᠷᠢᠶᠠᠯ ᠢ ᠬᠢᠨᠠᠨ ᠪᠠᠶᠢᠴᠠᠭᠠᠬᠤ ᠪᠠ ᠲᠤᠰᠬᠠᠶ ᠮᠡᠷᠭᠡᠵᠢᠯᠲᠡᠨ ᠤ ᠰᠢᠯᠭᠠᠨ ᠠᠪᠴᠤ ᠬᠢᠨᠠᠨ

        ᠲᠣᠭᠲᠠᠭᠠᠭᠰᠠᠨ ᠰᠠᠨᠠᠯ ᠢ ᠦᠨᠳᠦᠰᠦᠯᠡᠨ᠂ ᠬᠢᠷᠢ ᠬᠡᠮ ᠢ ᠮᠠᠭᠠᠳᠯᠠᠨ ᠲᠤᠭᠲᠠᠭᠠᠬᠤ ᠨᠥᠬᠦᠴᠡᠯ ᠳᠤ ᠨᠡᠶᠢᠴᠡᠪᠡᠯ᠂

        ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠠᠯᠪᠠᠨ ᠰᠦᠯᠵᠢᠶ᠎ᠡ ᠪᠠ ︽ᠪᠥᠬᠦ

        ᠤᠯᠤᠰ ᠤᠨ ᠮᠠᠰᠢᠨ ᠲᠡᠷᠭᠡᠨ ᠤ ᠬᠦᠢᠯᠭᠡᠭᠡᠨ ᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠬᠡᠷᠡᠭᠯᠡᠭᠡᠨ ᠤ ᠦᠢᠯᠡᠴᠢᠯᠡᠭᠡ

        ︾ ᠶᠢᠨ ᠰᠢᠰᠲ᠋ᠧᠮ ᠳᠤ ᠢᠯᠡ ᠨᠡᠶᠢᠲᠡᠯᠡᠵᠦ᠂ ᠢᠯᠡ ᠨᠡᠶᠢᠲᠡᠯᠡᠬᠦ ᠬᠤᠭᠤᠴᠠᠭ᠎ᠠ ᠨᠢ 5 ᠠᠵᠢᠯᠯᠠᠬᠤ ᠡᠳᠦᠷ ᠠᠴᠠ

        ᠳᠤᠲᠠᠭᠤ ᠪᠠᠶᠢᠵᠤ ᠪᠣᠯᠬᠤ ᠥᠬᠡᠶ︔

               4. ᠬᠢᠷᠢ ᠬᠡᠮ ᠢ ᠮᠠᠭᠠᠳᠯᠠᠨ ᠲᠤᠭᠲᠠᠭᠠᠬᠤ ᠢᠯᠡ ᠨᠡᠶᠢᠲᠡᠯᠡᠭᠰᠡᠨ ᠦᠷ᠎ᠡ ᠳ᠋ᠦᠡᠭ ᠳᠤ ᠣᠨᠳᠣᠣ ᠰᠠᠨᠠᠯ ᠲᠠᠢ

        ᠪᠠᠶᠢᠪᠠᠯ᠂ ᠬᠡᠷᠡᠭᠴᠡᠭᠡ ᠪᠠᠨ ᠦᠨᠳᠦᠰᠦᠯᠡᠨ ᠭᠡᠷᠡᠴᠢᠯᠡᠭᠡ ᠰᠣᠨᠣᠰᠬᠤ ᠬᠤᠷᠠᠯ ᠢ ᠵᠣᠬᠢᠶᠠᠨ ᠪᠠᠶᠢᠭᠤᠯᠬᠤ᠂ ᠲᠤᠰᠬᠠᠶ

        ᠮᠡᠷᠭᠡᠵᠢᠯᠲᠡᠨ ᠤ ᠲᠠᠬᠢᠨ ᠦᠨᠡᠯᠡᠵᠦ ᠲᠠᠬᠢᠨ ᠬᠢᠨᠠᠬᠤ ᠵᠡᠷᠭᠡ ᠪᠠᠷ ᠳᠠᠮᠵᠢᠭᠤᠯᠤᠨ ᠣᠨᠳᠣᠣ ᠰᠠᠨᠠᠯ ᠢ ᠬᠢᠨᠠᠨ

        ᠬᠠᠷᠭᠤᠭᠤᠯᠤᠨ᠎ᠠ᠃ ᠬᠢᠷᠢ ᠬᠡᠮ ᠢ ᠮᠠᠭᠠᠳᠯᠠᠨ ᠲᠣᠭᠲᠠᠭᠠᠬᠤ ᠨᠥᠬᠦᠴᠡᠯ ᠳᠤ ᠨᠡᠶᠢᠴᠡᠬᠦ ᠥᠬᠡᠶ ᠪᠠᠶᠢᠪᠠᠯ᠂

        ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠬᠢᠷᠢ ᠬᠡᠮ ᠢ ᠮᠠᠭᠠᠳᠯᠠᠨ

        ᠲᠣᠭᠲᠠᠭᠠᠬᠤ ᠥᠬᠡᠶ ᠲᠣᠭᠲᠠᠭᠠᠯ ᠭᠠᠷᠭᠠᠬᠤ ᠶᠢᠨ ᠬᠠᠮᠲᠤ ᠰᠢᠯᠲᠠᠭᠠᠨ ᠢᠶᠠᠨ ᠪᠢᠴᠢᠭ ᠢᠶᠠᠷ ᠲᠣᠳᠣᠷᠬᠠᠶᠢᠯᠠᠨ᠎ᠠ︔

        ᠢᠯᠡ ᠨᠡᠶᠢᠲᠡᠯᠡᠬᠦ ᠳᠤ ᠣᠨᠳᠣᠤ ᠰᠠᠨᠠᠯ ᠥᠬᠡᠶ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ

        ᠶᠠᠪᠤᠳᠠᠯ ᠤᠨ ᠲᠢᠩᠬᠢᠮ ᠠᠴᠠ ︽ᠪᠥᠬᠦ ᠤᠯᠤᠰ ᠤᠨ ᠮᠠᠰᠢᠨ ᠲᠡᠷᠭᠡᠨ ᠤ ᠬᠦᠢᠯᠭᠡᠭᠡᠨ ᠤ ᠮᠡᠳᠡᠭᠡ ᠵᠠᠩᠭᠢ ᠶᠢᠨ

        ᠬᠠᠮᠢᠶᠠᠷᠤᠯᠲᠠ ᠶᠢᠨ ᠬᠡᠷᠡᠭᠯᠡᠭᠡᠨ ᠤ ᠦᠢᠯᠡᠴᠢᠯᠡᠭᠡ︾ ᠶᠢᠨ ᠰᠢᠰᠲ᠋ᠧᠮ ᠳᠤ ᠭᠤᠶᠤᠴᠢᠯᠠᠯ ᠢ ᠪᠠᠲᠤᠯᠠᠭᠤᠯᠵᠤ᠂ ᠠᠵᠤ

        ᠠᠬᠤᠶᠢᠯᠠᠯ ᠤᠨ ᠲᠠᠩᠰᠠᠨ ᠡᠷᠦᠬᠡ ᠶᠢ ᠪᠠᠶᠢᠭᠤᠯᠬᠤ ᠶᠢᠨ ᠬᠠᠮᠲᠤ ︽ᠬᠢᠷᠢ ᠬᠡᠮ ᠢ ᠮᠠᠭᠠᠳᠯᠠᠨ ᠲᠤᠭᠲᠠᠭᠠᠭᠰᠠᠨ

        ᠦᠨᠡᠮᠯᠡᠯ︾ ᠣᠯᠭᠤᠨ᠎ᠠ᠃

               ᠲᠦᠷᠪᠡ᠂ ᠰᠠᠯᠪᠤᠷᠢ ᠪᠠᠶᠢᠭᠤᠯᠤᠮᠵᠢ ᠶᠢ ᠪᠠᠶᠢᠭᠤᠯᠬᠤ ᠪᠠ ᠠᠵᠤ ᠠᠬᠤᠶᠢᠯᠠᠯ ᠬᠠᠮᠢᠶᠠᠷᠤᠯᠲᠠ ᠪᠠᠨ

        ᠬᠤᠪᠢᠷᠠᠭᠤᠯᠬᠤ

               ︵ᠨᠢᠭᠡ︶ ᠰᠠᠯᠪᠤᠷᠢ ᠪᠠᠶᠢᠭᠤᠯᠤᠮᠵᠢ ᠶᠢ ᠪᠠᠶᠢᠭᠤᠯᠬᠤ

               ᠨᠢᠭᠡᠨᠲᠡ ᠬᠢᠷᠢ ᠬᠡᠮ ᠣᠯᠤᠭᠰᠠᠨ ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ ᠬᠤᠷᠢᠶᠠᠨ

        ᠠᠪᠴᠦ ᠵᠠᠳᠠᠯᠤᠨ ᠰᠠᠯᠭᠠᠬᠤ ᠠᠵᠦ ᠠᠬᠤᠶᠢᠯᠠᠯ ᠨᠢ ᠰᠠᠯᠪᠤᠷᠢ ᠪᠠᠶᠢᠭᠤᠯᠤᠮᠵᠢ ᠪᠠᠶᠢᠭᠤᠯᠤᠭᠰᠠᠨ ᠪᠠᠶᠢᠪᠠᠯ᠂ ᠵᠠᠬ᠎ᠠ

        ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠩᠰᠠᠯᠠᠭᠤᠯᠤᠭᠰᠠᠨ ᠤ ᠳᠠᠷᠠᠭ᠎ᠠ 30

        ᠡᠳᠦᠷ ᠤᠨ ᠳᠣᠲᠣᠷ᠎ᠠ ︽ᠪᠥᠬᠦ ᠤᠯᠤᠰ ᠤᠨ ᠮᠠᠰᠢᠨ ᠲᠡᠷᠭᠡᠨ ᠤ ᠬᠦᠢᠯᠭᠡᠭᠡᠨ ᠤ ᠮᠡᠳᠡᠭᠡ ᠵᠠᠩᠭᠢ ᠶᠢᠨ

        ᠬᠠᠮᠢᠶᠠᠷᠤᠯᠲᠠ ᠶᠢᠨ ᠬᠡᠷᠡᠭᠯᠡᠭᠡᠨ ᠤ ᠦᠢᠯᠡᠴᠢᠯᠡᠭᠡ︾ ᠶᠢᠨ ᠰᠢᠰᠲ᠋ᠧᠮ ᠢᠶᠠᠷ ᠳᠠᠮᠵᠢᠭᠤᠯᠤᠨ ᠰᠠᠯᠪᠤᠷᠢ

        ᠪᠠᠶᠢᠭᠤᠯᠤᠮᠵᠢ ᠶᠢᠨ ᠳᠠᠩᠰᠠᠯᠠᠭᠤᠯᠤᠨ ᠪᠦᠷᠢᠳᠬᠡᠭᠦᠯᠦᠭᠰᠡᠨ ᠪᠠᠶᠢᠭ᠎ᠠ ᠭᠠᠵᠠᠷ ᠤᠨ ᠢᠶᠠᠨ ᠮᠤᠵᠢ ᠶᠢᠨ ᠱᠠᠲᠤᠨ ᠤ

        ᠬᠤᠳᠠᠯᠳᠤᠭᠠᠨ ᠤ ᠶᠠᠪᠤᠳᠠᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠳᠠᠩᠰᠠᠯᠠᠭᠤᠯᠬᠤ ᠶᠢᠨ ᠬᠠᠮᠲᠤ

        ᠳᠣᠤᠷᠠᠬᠢ ᠮᠠᠲ᠋ᠧᠷᠢᠶᠠᠯ ᠤᠨ ᠡᠯᠧᠺᠲᠷᠣᠨ ᠪᠢᠴᠢᠭ ᠮᠠᠲ᠋ᠧᠷᠢᠶᠠᠯ ᠢ ᠳᠡᠭᠡᠭᠰᠢ ᠳᠠᠮᠵᠢᠭᠤᠯᠬᠤ ᠬᠡᠷᠡᠭᠲᠡᠶ᠄

               1.ᠰᠠᠯᠪᠤᠷᠢ ᠪᠠᠶᠢᠭᠤᠯᠤᠮᠵᠢ ᠶᠢᠨ ᠢᠶᠠᠨ ︽ᠡᠵᠡᠩᠨᠡᠯᠲᠡ ᠶᠢᠨ ᠦᠨᠡᠮᠯᠡᠯ︾︔

               2. ︽ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ ᠬᠤᠷᠢᠶᠠᠨ ᠠᠪᠴᠦ ᠵᠠᠳᠠᠯᠤᠨ ᠰᠠᠯᠭᠠᠬᠤ

        ᠠᠵᠦ ᠠᠬᠤᠶᠢᠯᠠᠯ ᠤᠨ ᠰᠠᠯᠪᠤᠷᠢ ᠪᠠᠶᠢᠭᠤᠯᠤᠮᠵᠢ ᠶᠢᠨ ᠳᠠᠩᠰᠠᠯᠠᠭᠤᠯᠤᠭᠰᠠᠨ ᠮᠡᠳᠡᠭᠡ ᠵᠠᠩᠭᠢ ᠶᠢᠨ ᠬᠦᠰᠦᠨᠦᠭᠲᠦ︾᠃

               ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ ᠬᠤᠷᠢᠶᠠᠨ ᠠᠪᠴᠦ ᠵᠠᠳᠠᠯᠤᠨ ᠰᠠᠯᠭᠠᠬᠤ ᠠᠵᠦ

        ᠠᠬᠤᠶᠢᠯᠠᠯ ᠤᠨ ᠰᠠᠯᠪᠤᠷᠢ ᠪᠠᠶᠢᠭᠤᠯᠤᠮᠵᠢ ᠨᠢ ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ ᠰᠠᠯᠭᠠᠨ

        ᠵᠠᠳᠠᠯᠵᠤ ᠪᠣᠯᠬᠤ ᠦᠬᠡᠢ᠂ ᠳᠠᠩᠰᠠᠯᠠᠭᠤᠯᠤᠭᠰᠠᠨ ᠦᠬᠡᠢ ᠰᠠᠯᠪᠤᠷᠢ ᠪᠠᠶᠢᠭᠤᠯᠤᠮᠵᠢ ᠨᠢ ᠬᠡᠷᠡᠭᠴᠡᠭᠡᠨ ᠠᠴᠠ ᠪᠠᠨ

        ᠭᠠᠷᠤᠭᠰᠠᠨ ᠮᠠᠰᠢᠨ ᠲᠡᠷᠭᠡ ᠶᠢ ᠬᠤᠷᠢᠶᠠᠨ ᠠᠪᠴᠦ ᠪᠣᠯᠬᠤ ᠦᠬᠡᠢ᠃ ᠬᠠᠷᠢᠶᠠᠲᠤ ᠣᠷᠣᠨ ᠤ ᠳᠣᠲᠣᠷᠠᠬᠢ ᠬᠤᠷᠢᠶᠠᠨ

        ᠠᠪᠴᠦ ᠵᠠᠳᠠᠯᠤᠨ ᠰᠠᠯᠭᠠᠬᠤ ᠠᠵᠦ ᠠᠬᠤᠶᠢᠯᠠᠯ ᠤᠨ ᠰᠠᠯᠪᠤᠷᠢ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ

        ᠦᠨᠡᠨᠬᠦ ᠴᠢᠩᠭᠠᠳᠬᠠᠵᠤ᠂ ᠵᠠᠬ᠎ᠠ ᠳᠡᠯᠭᠡᠭᠦᠷ ᠤᠨ ᠬᠡᠪ ᠤᠨ ᠡᠵᠡᠩᠨᠡᠯᠲᠡ ᠶᠢᠨ ᠡᠮᠬᠢ ᠳᠢᠭᠯᠢᠮ ᠢ ᠦᠨᠡᠨᠬᠦ ᠰᠠᠶᠢᠲᠤᠷ

        ᠬᠠᠮᠠᠭᠠᠯᠠᠵᠤ᠂ ᠬᠡᠲᠦ ᠥᠷᠢᠰᠥᠯᠳᠦᠬᠦ ᠠᠴᠠ ᠵᠠᠶᠢᠯᠠᠰᠬᠢᠵᠦ᠂ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠬᠡᠷᠡᠭᠲᠡᠶ᠃

               ︵ᠬᠤᠶᠠᠷ︶ ᠬᠢᠷᠢ ᠬᠡᠮ ᠤᠨ ᠦᠨᠡᠮᠯᠡᠯ ᠤᠨ ᠮᠡᠳᠡᠭᠡ ᠵᠠᠩᠭᠢ ᠶᠢ ᠬᠤᠪᠢᠷᠠᠭᠤᠯᠬᠤ

               ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ ᠬᠤᠷᠢᠶᠠᠨ ᠠᠪᠴᠦ ᠵᠠᠳᠠᠯᠤᠨ ᠰᠠᠯᠭᠠᠬᠤ ᠠᠵᠦ

        ᠠᠬᠤᠶᠢᠯᠠᠯ ᠤᠨ ᠨᠡᠷᠡᠶᠢᠳᠦᠯ᠂ ᠰᠠᠭᠤᠭ᠎ᠠ ᠭᠠᠵᠠᠷ ᠪᠤᠶᠤ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠳᠤ

        ᠬᠤᠪᠢᠷᠠᠯᠲᠠ ᠭᠠᠷᠪᠠᠯ᠂ ᠬᠤᠷᠢᠶᠠᠨ ᠠᠪᠴᠦ ᠵᠠᠳᠠᠯᠤᠨ ᠰᠠᠯᠭᠠᠬᠤ ᠠᠵᠤ ᠠᠬᠤᠶᠢᠯᠠᠯ ᠨᠢ ᠮᠡᠳᠡᠭᠡ ᠵᠠᠩᠭᠢ ᠪᠠᠨ

        ᠬᠤᠪᠢᠷᠠᠭᠤᠯᠤᠭᠰᠠᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ ︽ᠪᠥᠬᠦ ᠤᠯᠤᠰ ᠤᠨ ᠮᠠᠰᠢᠨ ᠲᠡᠷᠭᠡᠨ ᠤ

        ᠬᠦᠢᠯᠭᠡᠭᠡᠨ ᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠬᠡᠷᠡᠭᠯᠡᠭᠡᠨ ᠤ ᠦᠢᠯᠡᠴᠢᠯᠡᠭᠡ︾ ᠶᠢᠨ ᠰᠢᠰᠲ᠋ᠧᠮ ᠢᠶᠠᠷ

        ᠳᠠᠮᠵᠢᠭᠤᠯᠤᠨ ᠬᠤᠪᠢᠷᠠᠭᠤᠯᠬᠤ ᠲᠣᠳᠣᠷᠬᠠᠶᠢᠯᠠᠯᠲᠠ ᠵᠢᠴᠢ ᠬᠤᠪᠢᠷᠠᠭᠤᠯᠤᠭᠰᠠᠨ ᠤ ᠳᠠᠷᠠᠭᠠᠬᠢ ︽ᠡᠵᠡᠩᠨᠡᠯᠲᠡ ᠶᠢᠨ

        ᠦᠨᠡᠮᠯᠡᠯ︾  ᠢᠶᠠᠨ ᠳᠡᠭᠡᠭᠰᠢ ᠳᠠᠮᠵᠢᠭᠤᠯᠵᠤ᠂ ᠵᠠᠳᠠᠯᠤᠨ ᠰᠠᠯᠭᠠᠬᠤ ᠡᠵᠡᠩᠨᠡᠯᠲᠡ ᠶᠢᠨ ᠲᠠᠯᠠᠪᠤᠷ ᠭᠠᠵᠠᠷ ᠤᠨ ᠪᠠᠶᠢᠭ᠎ᠠ

        ᠭᠠᠵᠠᠷ ᠤᠨ ᠮᠤᠵᠢ ᠶᠢᠨ ᠱᠠᠲᠤᠨ ᠤ ᠬᠤᠳᠠᠯᠳᠤᠭᠠᠨ ᠤ ᠶᠠᠪᠤᠳᠠᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢᠶᠠᠷ

        ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ ︽ᠬᠢᠷᠢ ᠬᠡᠮ ᠢ ᠮᠠᠭᠠᠳᠯᠠᠨ ᠲᠣᠭᠲᠠᠭᠠᠭᠰᠠᠨ ᠪᠢᠴᠢᠭ︾ ᠢ ᠰᠣᠯᠢᠵᠤ

        ᠣᠯᠭᠤᠬᠤ ᠬᠡᠷᠡᠭᠲᠡᠶ᠃

                ︵ᠭᠤᠷᠪᠠ︶ ᠨᠡᠭᠦᠯᠭᠡᠨ ᠪᠠᠶᠢᠭᠤᠯᠬᠤ ᠪᠠ ᠥᠭᠡᠷᠡᠴᠢᠯᠡᠵᠦ ᠥᠷᠭᠡᠳᠬᠡᠨ ᠪᠠᠶᠢᠭᠤᠯᠬᠤ

               ᠨᠢᠭᠡᠨᠲᠡ ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ ᠬᠤᠷᠢᠶᠠᠨ ᠠᠪᠴᠦ ᠵᠠᠳᠠᠯᠤᠨ ᠰᠠᠯᠭᠠᠬᠤ

        ᠠᠵᠦ ᠠᠬᠤᠶᠢᠯᠠᠯ ᠨᠢ ᠵᠠᠳᠠᠯᠤᠨ ᠰᠠᠯᠭᠠᠬᠤ ᠡᠵᠡᠩᠨᠡᠯᠲᠡ ᠶᠢᠨ ᠲᠠᠯᠠᠪᠤᠷ ᠭᠠᠵᠠᠷ ᠢᠶᠠᠨ ᠨᠡᠭᠦᠯᠭᠡᠨ ᠪᠠᠶᠢᠭᠤᠯᠬᠤ᠂

        ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠳᠤ ᠭᠦᠷᠪᠡᠯ᠂ ᠬᠤᠷᠢᠶᠠᠨ ᠠᠪᠴᠦ ᠵᠠᠳᠠᠯᠤᠨ ᠰᠠᠯᠭᠠᠬᠤ

        ᠠᠵᠤ ᠠᠬᠤᠶᠢᠯᠠᠯ ᠤᠨ ᠬᠢᠷᠢ ᠬᠡᠮ ᠢ ᠮᠠᠭᠠᠳᠯᠠᠨ ᠲᠤᠭᠲᠠᠭᠠᠬᠤ ᠪᠠᠷ ᠳᠠᠭᠢᠵᠤ ᠭᠤᠶᠤᠴᠢᠯᠠᠬᠤ ᠬᠡᠷᠡᠭᠲᠡᠶ᠃

        ᠭᠤᠶᠤᠴᠢᠯᠠᠯ ᠨᠢ ᠬᠢᠷᠢ ᠬᠡᠮ ᠢ ᠮᠠᠭᠠᠳᠯᠠᠨ ᠲᠣᠭᠲᠠᠭᠠᠬᠤ ᠨᠥᠬᠦᠴᠡᠯ ᠳᠤ ᠨᠡᠶᠢᠴᠡᠭᠰᠡᠨ ᠪᠠᠶᠢᠪᠠᠯ᠂ ︽ᠬᠢᠷᠢ ᠬᠡᠮ ᠢ

        ᠮᠠᠭᠠᠳᠯᠠᠨ ᠲᠣᠭᠲᠠᠭᠠᠬᠤ ᠪᠢᠴᠢᠭ︾ ᠢ ᠰᠣᠯᠢᠵᠤ ᠣᠯᠭᠤᠨ᠎ᠠ︔ ᠬᠢᠷᠢ ᠬᠡᠮ ᠢ ᠮᠠᠭᠠᠳᠯᠠᠨ ᠲᠣᠭᠲᠠᠭᠠᠬᠤ

        ᠨᠥᠬᠦᠴᠡᠯ ᠳᠤ ᠨᠡᠶᠢᠴᠡᠬᠦ ᠥᠬᠡᠶ ᠪᠠᠶᠢᠪᠠᠯ᠂ ᠤᠤᠯ ᠤᠨ ᠦᠨᠡᠮᠯᠡᠯ ᠣᠯᠭᠤᠭᠰᠠᠨ ᠪᠠᠶᠢᠭᠤᠯᠭ᠎ᠠ ᠠᠴᠠ ᠲᠡᠭᠦᠨ ᠤ ︽

        ᠬᠢᠷᠢ ᠬᠡᠮ ᠢ ᠮᠠᠭᠠᠳᠯᠠᠨ ᠲᠣᠭᠲᠠᠭᠠᠭᠰᠠᠨ ᠪᠢᠴᠢᠭ︾ ᠢ ᠨᠢ ᠬᠦᠴᠦᠨ ᠥᠬᠡᠶ ᠪᠣᠯᠭᠠᠨ᠎ᠠ᠃

               ︵ᠲᠥᠷᠪᠡ︶ ᠬᠢᠷᠢ ᠬᠡᠮ ᠲᠠᠢ ᠪᠣᠯᠤᠭᠰᠠᠨ ᠬᠤᠷᠢᠶᠠᠨ ᠠᠪᠴᠦ ᠵᠠᠳᠠᠯᠤᠨ ᠰᠠᠯᠭᠠᠬᠤ ᠠᠵᠦ ᠠᠬᠤᠶᠢᠯᠠᠯ ᠢ

        ᠲᠡᠰ ᠳᠡᠪᠰᠢᠭᠦᠯᠦᠨ ᠥᠭᠡᠷᠡᠴᠢᠯᠡᠬᠦ

               ︽ᠬᠡᠷᠡᠭᠵᠢᠭᠦᠯᠬᠦ ᠨᠠᠷᠢᠨ ᠲᠦᠷᠢᠮ︾ ᠢ ᠬᠡᠷᠡᠭᠵᠢᠭᠦᠯᠬᠦ ᠠᠴᠠ ᠡᠮᠦᠨ᠎ᠡ ᠨᠢᠭᠡᠨᠲᠡ ᠬᠡᠷᠡᠭᠴᠡᠭᠡᠨ ᠠᠴᠠ ᠪᠠᠨ

        ᠭᠠᠷᠤᠭᠰᠠᠨ ᠮᠠᠰᠢᠨ ᠲᠡᠷᠭᠡ ᠶᠢ ᠬᠤᠷᠢᠶᠠᠨ ᠠᠪᠴᠦ ᠵᠠᠳᠠᠯᠤᠨ ᠰᠠᠯᠭᠠᠬᠤ ᠬᠢᠷᠢ ᠬᠡᠮ ᠢ ᠣᠯᠤᠭᠰᠠᠨ ᠠᠵᠤ

        ᠠᠬᠤᠶᠢᠯᠠᠯ ᠨᠢ᠂ ᠨᠠᠷᠢᠨ ᠲᠦᠷᠢᠮ ᠢ ᠬᠡᠷᠡᠭᠵᠢᠭᠦᠯᠦᠭᠰᠡᠨ ᠤ ᠳᠠᠷᠠᠭᠠᠬᠢ ᠬᠤᠶᠠᠷ ᠵᠢᠯ ᠤᠨ ᠳᠣᠲᠣᠷ᠎ᠠ ︵2022

        ᠣᠨ ᠤ 9 ᠳ᠋ᠦᠭᠡᠷ ᠰᠠᠷ᠎ᠠ ᠶᠢᠨ 1 ᠤ ᠡᠳᠦᠷ ᠠᠴᠠ ᠡᠮᠦᠨ᠎ᠡ︶ ᠰᠢᠨ᠎ᠡ ᠪᠠᠷ ᠨᠡᠮᠡᠭᠳᠡᠭᠰᠡᠨ ᠬᠤᠷᠢᠶᠠᠨ ᠠᠪᠴᠦ

        ᠵᠠᠳᠠᠯᠤᠨ ᠰᠠᠯᠭᠠᠬᠤ ᠠᠵᠤ ᠠᠬᠤᠶᠢᠯᠠᠯ ᠤᠨ ᠮᠡᠳᠡᠭᠦᠯᠬᠦ ᠲᠠᠰ ᠲᠠᠷᠠᠭᠠᠯᠠᠯ ᠪᠠ ᠨᠥᠬᠦᠴᠡᠯ ᠪᠠᠷᠢᠮᠵᠢᠶ᠎ᠠ ᠶᠢᠨ ᠶᠣᠰᠣᠭᠠᠷ᠂

        ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠳᠤ ᠬᠢᠷᠢ ᠬᠡᠮ ᠢ ᠨᠢ ᠳᠠᠬᠢᠨ ᠮᠠᠭᠠᠳᠯᠠᠨ

        ᠲᠤᠭᠲᠠᠭᠠᠯᠭᠠᠬᠤ ᠪᠠᠷ ᠭᠤᠶᠤᠴᠢᠯᠠᠬᠤ ᠬᠡᠷᠡᠭᠲᠡᠶ᠃ ᠬᠢᠷᠢ ᠬᠡᠮ ᠢ ᠮᠠᠭᠠᠳᠯᠠᠨ ᠲᠣᠭᠲᠠᠭᠠᠬᠤ ᠪᠠᠷ ᠳᠠᠮᠵᠢᠭᠰᠠᠨ ᠪᠠᠶᠢᠪᠠᠯ

        ᠂ ︽ᠬᠢᠷᠢ ᠬᠡᠮ ᠢ ᠮᠠᠭᠠᠳᠯᠠᠨ ᠲᠣᠭᠲᠠᠭᠠᠭᠰᠠᠨ ᠪᠢᠴᠢᠭ︾ ᠢ ᠰᠣᠯᠢᠵᠤ ᠣᠯᠭᠤᠨ᠎ᠠ︔ ᠬᠤᠶᠠᠷ ᠵᠢᠯ ᠬᠡᠲᠦᠷᠡᠲᠡᠯ᠎ᠡ

        ᠬᠢᠷᠢ ᠬᠡᠮ ᠤᠨ ᠮᠠᠭᠠᠳᠯᠠᠨ ᠲᠣᠭᠲᠠᠭᠠᠯᠲᠠ ᠳᠤ ᠬᠢᠷᠢ ᠲᠡᠩᠴᠡᠭᠰᠡᠨ ᠦᠭᠡᠢ ᠪᠠᠶᠢᠪᠠᠯ᠂ ᠲᠡᠭᠦᠨ ᠤ ︽ᠬᠢᠷᠢ ᠬᠡᠮ ᠤᠨ

        ᠮᠠᠭᠠᠳᠯᠠᠨ ᠲᠣᠭᠲᠠᠭᠠᠯᠲᠠ ᠶᠢᠨ ᠪᠢᠴᠢᠭ︾ ᠢ ᠨᠢ ᠬᠦᠴᠦᠨ ᠦᠭᠡᠢ ᠪᠣᠯᠭᠠᠨ᠎ᠠ᠃ ᠠᠶᠢᠮᠠᠭ ᠬᠤᠲᠠ᠂ ᠬᠤᠰᠢᠭᠤ

        ᠰᠢᠶᠠᠨ ᠤ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠤᠳ ᠬᠠᠷᠢᠶ᠎ᠠ ᠣᠷᠣᠨ ᠤ ᠳᠣᠲᠣᠷᠠᠬᠢ ᠬᠤᠷᠢᠶᠠᠨ

        ᠠᠪᠴᠦ ᠵᠠᠳᠠᠯᠤᠨ ᠰᠠᠯᠭᠠᠬᠤ ᠠᠵᠤ ᠠᠬᠤᠶᠢᠯᠠᠯ ᠤᠨ ︽ᠮᠡᠷᠭᠡᠵᠢᠯ ᠤᠨ ᠲᠦᠷᠢᠮᠵᠢᠯ︾ ᠪᠠ ︽ᠬᠡᠷᠡᠭᠵᠢᠭᠦᠯᠬᠦ ᠨᠠᠷᠢᠨ

        ᠲᠦᠷᠢᠮ︾ ᠤᠨ ᠶᠣᠰᠣᠭᠠᠷ ᠲᠠᠰ ᠳᠡᠪᠰᠢᠭᠦᠯᠦᠨ ᠥᠭᠡᠷᠡᠴᠢᠯᠡᠬᠦ ᠠᠵᠢᠯ ᠢ ᠴᠠᠭ ᠲᠤᠬᠠᠶ ᠳᠤᠨᠢ ᠪᠡᠶᠡᠯᠡᠭᠦᠯᠬᠦ ᠶᠢ

        ᠰᠢᠮᠳᠠᠭᠤᠯᠤᠨ ᠵᠢᠯᠣᠭᠤᠳᠤᠨ᠎ᠠ᠃

               ᠲᠠᠪᠤ᠂ ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ ᠬᠤᠷᠢᠶᠠᠨ ᠠᠪᠴᠦ ᠵᠠᠳᠠᠯᠤᠨ ᠰᠠᠯᠭᠠᠬᠤ

        ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ

               ︵ᠨᠢᠭᠡ︶ ᠬᠠᠮᠲᠤᠷᠠᠭᠰᠠᠨ ᠬᠤᠷᠠᠯᠳᠤᠭᠠᠨ ᠤ ᠲᠦᠷᠢᠮ ᠢ ᠪᠠᠶᠢᠭᠤᠯᠤᠨ᠎ᠠ

               ᠡᠯ᠎ᠡ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠲᠦᠷᠦᠭᠦᠯᠡᠨ ᠬᠠᠷᠢᠭᠤᠴᠠᠬᠤ

        ᠰᠠᠯᠠᠭ᠎ᠠ ᠮᠥᠴᠢᠷ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ

        ᠲᠡᠷᠭᠡ ᠶᠢ ᠬᠤᠷᠢᠶᠠᠨ ᠠᠪᠴᠦ ᠵᠠᠳᠠᠯᠤᠨ ᠰᠠᠯᠭᠠᠬᠤ ᠬᠠᠮᠢᠶᠠᠷᠤᠯᠲᠠ ᠶᠢᠨ ᠠᠯᠪᠠᠨ ᠠᠵᠢᠯ ᠤᠨ ᠬᠠᠮᠲᠤᠷᠠᠭᠰᠠᠨ ᠬᠤᠷᠠᠯ

         ᠤᠨ ᠳᠦᠷᠢᠮ ᠢ ᠪᠡᠯᠡᠳᠬᠡᠨ ᠪᠠᠶᠢᠭᠤᠯᠵᠤ᠂ ᠪᠦᠷᠢᠯᠳᠦᠬᠦᠨ ᠨᠢᠭᠡᠴᠡ ᠳᠤ ᠬᠤᠳᠠᠯᠳᠤᠭᠠᠨ ᠤ ᠶᠠᠪᠤᠳᠠᠯ᠂

        ᠬᠥᠭᠵᠢᠭᠦᠯᠦᠯᠲᠡ ᠪᠤᠯᠤᠨ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢ᠂ ᠳᠣᠲᠣᠭᠠᠳᠤ ᠶᠢ

        ᠬᠠᠮᠠᠭᠠᠯᠠᠬᠤ᠂ ᠠᠮᠢ ᠠᠬᠤᠶ ᠣᠷᠴᠢᠨ ᠲᠣᠭᠤᠷᠢᠨ᠂ ᠵᠠᠮ ᠬᠠᠷᠢᠯᠴᠠᠭ᠎ᠠ᠂ ᠵᠠᠬ᠎ᠠ ᠳᠡᠯᠭᠡᠭᠦᠷ ᠤᠨ ᠬᠢᠨᠠᠯᠲᠠ

        ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠳ ᠢ ᠪᠠᠭᠲᠠᠭᠠᠵᠤ᠂ ᠠᠯᠪᠠᠨ ᠭᠡᠷ ᠢ ᠨᠢ ᠠᠶᠢᠮᠠᠭ ᠬᠤᠳᠠ ᠶᠢᠨ

        ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠳᠤ ᠪᠠᠶᠢᠭᠤᠯᠤᠨ᠎ᠠ᠂ ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ

        ᠲᠡᠷᠭᠡ ᠶᠢ ᠬᠤᠷᠢᠶᠠᠨ ᠠᠪᠴᠦ ᠵᠠᠳᠠᠯᠤᠨ ᠰᠠᠯᠭᠠᠬᠤ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠬᠡᠷᠡᠭ ᠤᠴᠢᠷ ᠲᠤ

        ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠤᠷᠠᠯ ᠬᠤᠷᠠᠯᠳᠤᠭᠤᠯᠵᠤ᠂

        ᠴᠢᠬᠤᠯᠠ ᠶᠡᠭᠡ ᠬᠡᠷᠡᠭ ᠤᠴᠢᠷ ᠢ ᠠᠶᠢᠮᠠᠭ ᠬᠤᠳᠠ ᠶᠢᠨ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ

        ᠲᠣᠭᠲᠠᠭᠠᠯᠭᠠᠬᠤ ᠬᠡᠷᠡᠭᠲᠡᠶ᠃

               ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠬᠡᠬᠦ ᠬᠡᠷᠡᠭᠲᠡᠶ

               ᠬᠠᠮᠲᠤᠷᠠᠭᠰᠠᠨ ᠬᠤᠷᠠᠯ ᠤᠨ ᠠᠯᠪᠠᠨ ᠬᠡᠷ ᠨᠢ ᠡᠯ᠎ᠡ ᠪᠦᠷᠢᠯᠳᠦᠬᠦᠨ ᠨᠢᠭᠡᠴᠡ ᠤᠳ ᠯᠤᠭ᠎ᠠ ᠶᠢᠨ

        ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠵᠢᠨ‌ᠬᠠᠮᠲᠤᠷᠠᠯ ᠬᠦᠴᠦᠨ ᠢ ᠬᠦᠢᠴᠡᠳ

        ᠪᠠᠳᠠᠷᠠᠭᠤᠯᠤᠨ᠂ ︽ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ ᠬᠤᠷᠢᠶᠠᠨ ᠠᠪᠬᠤ ᠬᠠᠮᠢᠶᠠᠷᠤᠯᠲᠠ ᠶᠢᠨ

        ᠠᠷᠭ᠎ᠠ︾ ᠪᠣᠯᠤᠨ ︽ᠬᠡᠷᠡᠭᠵᠢᠭᠦᠯᠬᠦ ᠨᠠᠷᠢᠨ ᠲᠦᠷᠢᠮ︾ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠡᠯ᠎ᠡ

        ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠡᠭᠦᠷᠭᠡ ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠬᠦᠢᠴᠡᠳᠭᠡᠬᠦ ᠬᠡᠷᠡᠭᠲᠡᠶ

        ᠃ ᠬᠠᠮᠢᠶᠠᠷᠤᠯᠲᠠ ᠶᠢᠨ ᠲᠦᠷᠢᠮ᠂ ᠮᠡᠳᠡᠭᠡ ᠵᠠᠩᠭᠢ ᠶᠢᠨ ᠲᠠᠩᠰᠠ ᠡᠪᠬᠡᠮᠡᠯ ᠪᠠᠶᠢᠭᠤᠯᠬᠤ᠂ ᠠᠯᠪᠠᠨ ᠵᠠᠷ ᠨᠡᠶᠢᠲᠡᠯᠡᠬᠦ᠂

        ᠬᠠᠤᠯᠢ ᠠᠴᠠ ᠵᠥᠷᠢᠴᠡᠭᠰᠡᠨ ᠡᠵᠡᠩᠨᠡᠯᠲᠡ ᠶᠢᠨ ᠢᠯᠡᠴᠢᠯᠡᠨ ᠮᠡᠳᠡᠭᠦᠯᠬᠦ ᠳ᠋ᠢᠶᠠᠩᠬᠤᠸᠠ ᠳᠣᠭᠢᠷᠠᠭᠤᠯᠬᠤ ᠵᠡᠷᠭᠡ ᠣᠯᠠᠨ

        ᠵᠤᠶᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠢᠨᠠᠨ ᠬᠠᠮᠢᠶᠠᠷᠬᠤ ᠲᠣᠭᠲᠠᠴᠠ ᠶᠢ ᠪᠦᠷᠢᠨᠰᠢᠬᠦᠯᠦᠨ

        ᠲᠡᠭᠦᠯᠳᠡᠷᠵᠢᠭᠦᠯᠵᠦ᠂ ᠠᠵᠢᠯ ᠤᠨ ᠪᠦᠲᠦᠮᠵᠢᠲᠡᠶ ᠦᠷᠨᠢᠬᠦᠯᠬᠦ ᠶᠢ ᠲᠡᠮᠵᠢᠵᠦ᠂ ᠠᠵᠢᠯ ᠲᠥᠷᠥᠯ ᠤᠨ ᠦᠷᠭᠦᠯᠵᠢᠯᠡᠨ

        ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ᠃

               ᠬᠤᠷᠢᠶᠠᠨ ᠠᠪᠴᠦ ᠵᠠᠳᠠᠯᠤᠨ ᠰᠠᠯᠭᠠᠬᠤ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠤᠨ᠎ᠠ

               ᠡᠯ᠎ᠡ ᠭᠠᠵᠠᠷ ᠤᠳ ︽ᠬᠡᠷᠡᠭᠵᠢᠭᠦᠯᠬᠦ ᠨᠠᠷᠢᠨ ᠲᠥᠷᠢᠮ︾ ᠢ ᠬᠢᠨᠠᠮᠠᠭᠠᠶ ᠲᠤᠭᠤᠰᠢᠭᠤᠯᠤᠨ

        ᠨᠠᠶᠢᠳᠠᠪᠤᠷᠢᠵᠢᠭᠤᠯᠵᠤ᠂ ᠬᠤᠷᠢᠶᠠᠨ ᠠᠪᠴᠦ ᠵᠠᠳᠠᠯᠤᠨ ᠰᠠᠯᠭᠠᠬᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ  ᠪᠠᠨ

        ᠴᠢᠩᠭᠠᠳᠬᠠᠨ᠂ ᠮᠠᠰᠢᠨ ᠤ ᠲᠤᠬᠢᠶᠠᠯᠳᠤᠯ ᠢᠶᠠᠷ ᠰᠤᠭᠤᠴᠢᠨ ᠪᠠᠶᠢᠴᠠᠭᠠᠬᠤ᠂ ᠲᠤᠰᠬᠠᠶ ᠵᠦᠢᠯ ᠢᠶᠠᠷ ᠴᠡᠭᠴᠡᠯᠡᠨ

        ᠵᠠᠰᠠᠬᠤ ᠵᠡᠷᠭᠡ ᠠᠷᠭ᠎ᠠ ᠬᠡᠮᠵᠢᠶ᠎ᠡ ᠠᠪᠴᠤ᠂ ᠥᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠨᠢ ᠵᠡᠷᠭᠡᠪᠡᠷ ᠵᠠᠰᠠᠬᠤ᠂

        ᠬᠠᠤᠯᠢ ᠲᠣᠭᠲᠠᠭᠠᠯ ᠶᠣᠰᠣᠭᠠᠷ ᠵᠠᠷᠴᠢᠮ ᠪᠣᠯᠭᠠᠬᠤ ᠶᠢ ᠪᠠᠷᠢᠮᠲᠠᠯᠠᠨ᠂ ᠮᠠᠰᠢᠨ ᠲᠡᠷᠭᠡ ᠶᠢ ᠬᠤᠷᠢᠶᠠᠨ ᠠᠪᠴᠦ ᠵᠠᠳᠠᠯᠤᠨ

        ᠰᠠᠯᠭᠠᠬᠤ ᠬᠠᠤᠯᠢ ᠪᠤᠰᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠢᠷᠢ ᠬᠡᠮ ᠲᠠᠢ ᠠᠵᠤ ᠠᠬᠤᠶᠢᠯᠠᠯ ᠤᠨ

        ᠦᠢᠯᠡᠳᠪᠦᠷᠢᠯᠡᠯ ᠡᠵᠡᠩᠨᠡᠯᠲᠡ ᠶᠢ ᠵᠢᠷᠤᠮᠵᠢᠭᠤᠯᠤᠨ᠂ ᠬᠤᠷᠢᠶᠠᠨ ᠠᠪᠴᠦ ᠵᠠᠳᠠᠯᠤᠨ ᠰᠠᠯᠭᠠᠬᠤ ᠬᠡᠪ ᠤᠨ

        ᠡᠵᠡᠩᠨᠡᠯᠲᠡ ᠶᠢᠨ ᠡᠮᠬᠢ ᠳᠢᠭᠯᠢᠮ ᠢ ᠬᠠᠮᠠᠭᠠᠯᠠᠵᠤ᠂ ᠵᠠᠬ᠎ᠠ ᠳᠡᠯᠭᠡᠭᠦᠷ ᠤᠨ ᠲᠣᠭᠲᠠᠭᠤᠨ ᠪᠠᠶᠢᠬᠤ ᠶᠢ ᠪᠠᠲᠤᠯᠠᠬᠤ

        ᠬᠡᠷᠡᠭᠲᠡᠶ᠃

               1. ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠬᠢᠷᠢ ᠬᠡᠮ ᠲᠠᠢ ᠠᠵᠤ

        ᠠᠬᠤᠶᠢᠯᠠᠯ ᠳᠤ᠂ ᠲᠡᠭᠦᠨ ᠤ ᠬᠤᠳᠠᠯᠳᠤᠭᠰᠠᠨ ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢᠨ ︽ᠲᠠᠪᠤᠨ

        ᠶᠡᠭᠡ ᠶᠡᠷᠦᠩᠬᠡᠶ ᠪᠦᠲᠦᠴᠡ︾ ᠵᠢᠴᠢ ᠪᠤᠰᠤᠳ ᠰᠡᠯᠪᠢᠭ ᠲᠣᠨᠤᠭ ᠨᠢ ᠬᠠᠮᠢᠶ᠎ᠠ ᠪᠥᠬᠦᠶ ᠱᠠᠭᠠᠷᠳᠠᠯᠭ᠎ᠠ ᠳᠤ ᠨᠡᠶᠢᠴᠡᠬᠦ

        ᠥᠬᠡᠶ ᠦᠢᠯᠡ ᠠᠵᠢᠯᠯᠠᠭ᠎ᠠ ᠶᠢ ᠭᠤᠤᠯᠳᠠᠯᠭ᠎ᠠ ᠲᠠᠢ ᠪᠠᠶᠢᠴᠠᠭᠠᠨ᠎ᠠ︔ ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ

        ᠲᠡᠷᠭᠡ ᠶᠢ ᠬᠤᠷᠢᠶᠠᠨ ᠠᠪᠴᠤ ᠵᠠᠳᠠᠯᠤᠨ ᠰᠠᠯᠭᠠᠬᠤ ᠲᠦᠷᠢᠮ ᠤᠨ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ︔

        ᠬᠢᠷᠢ ᠬᠡᠮ ᠤᠨ ᠦᠨᠡᠮᠯᠡᠯ ᠢ ᠪᠠᠯᠠᠯᠤᠨ ᠵᠠᠰᠠᠭᠰᠠᠨ᠂ ᠲᠦᠷᠢᠶᠡᠰᠦᠯᠡᠭᠦᠯᠦᠭᠰᠡᠨ᠂ ᠵᠢᠭᠡᠯᠡᠭᠦᠯᠦᠭᠰᠡᠨ ᠪᠤᠶᠤ ᠪᠤᠰᠤᠳ

        ᠬᠡᠯᠪᠡᠷᠢ ᠪᠠᠷ ᠬᠠᠤᠯᠢ ᠪᠤᠰᠤ ᠪᠠᠷ ᠰᠢᠯᠵᠢᠭᠦᠯᠦᠨ ᠥᠭᠭᠦᠭᠰᠡᠨ ᠠᠵᠢᠯᠯᠠᠭ᠎ᠠ︔ ᠬᠤᠳᠠᠯᠳᠤᠭᠰᠠᠨ ︽ᠲᠠᠪᠤᠨ ᠶᠡᠭᠡ

        ᠶᠡᠷᠦᠩᠬᠡᠶ ᠪᠦᠳᠦᠴᠡ︾ ᠠᠴᠠ ᠭᠠᠳᠠᠨᠠᠬᠢ ᠰᠡᠯᠪᠢᠭ ᠲᠤᠨᠤᠭ ᠲᠤ ︽ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ

        ᠲᠡᠷᠭᠡ ᠶᠢᠨ ᠬᠤᠷᠢᠶᠠᠨ ᠠᠪᠤᠭᠰᠠᠨ ᠲᠤᠨᠤᠭ︾ ᠭᠡᠵᠦ ᠲᠣᠳᠣᠷᠬᠠᠶᠢᠯᠠᠭᠰᠠᠨ ᠦᠭᠡᠢ ᠦᠢᠯᠡ ᠠᠵᠢᠯᠯᠠᠭ᠎ᠠ︔ ︽

        ᠲᠠᠪᠤᠨ ᠶᠡᠭᠡ ᠶᠡᠷᠦᠩᠬᠡᠶ ᠪᠦᠳᠦᠴᠡ︾ ᠤ ᠮᠡᠳᠡᠭᠡ ᠵᠠᠩᠭᠢ ᠶᠢ ᠦᠨᠡᠨ ᠮᠥᠨ ᠢᠶᠠᠷ ᠨᠢ ᠲᠡᠮᠳᠡᠭᠯᠡᠭᠰᠡᠨ ᠥᠭᠡᠢ ᠪᠥᠭᠡᠳ

        ᠮᠡᠳᠡᠭᠡ ᠵᠠᠩᠭᠢ ᠶᠢᠨ ᠰᠢᠰᠲ᠋ᠧᠮ ᠳᠤ ᠳᠠᠮᠵᠢᠭᠤᠯᠤᠭᠰᠠᠨ ᠥᠢᠯᠡ ᠠᠵᠢᠯᠯᠠᠭ᠎ᠠ ᠵᠢᠴᠢ ︽ᠬᠠᠮᠢᠶᠠᠷᠤᠯᠲᠠ ᠶᠢᠨ ᠠᠷᠭ᠎ᠠ︾

        ᠪᠠ ︽ᠬᠡᠷᠡᠭᠵᠢᠭᠦᠯᠬᠦ ᠨᠠᠷᠢᠨ ᠲᠥᠷᠢᠮ︾ ᠢ ᠵᠥᠷᠢᠴᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ

        ᠡᠵᠡᠩᠨᠡᠯᠲᠡ ᠶᠢᠨ ᠥᠢᠯᠡ ᠠᠵᠢᠯᠯᠠᠭ᠎ᠠ᠃

               2. ᠠᠶᠤᠯᠬᠦᠢ ᠶᠢᠨ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃ ᠠᠵᠤ ᠠᠬᠤᠶᠢᠯᠠᠯ ᠤᠨ ᠠᠶᠤᠯᠬᠦᠢ

        ᠦᠢᠯᠡᠳᠪᠤᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ᠂ ᠪᠠᠷᠢᠮᠵᠢᠶ᠎ᠠ ᠲᠦᠷᠢᠮ ᠢ ᠨᠠᠶᠢᠳᠠᠪᠤᠷᠢᠵᠢᠭᠤᠯᠤᠭᠰᠠᠨ

        ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠨ᠎ᠠ︔ ᠠᠮᠤᠷ ᠲᠦᠪᠰᠢᠨ ᠤ ᠪᠡᠯᠡ ᠣᠷᠣᠭᠤᠯᠤᠯᠲᠠ᠂ ᠬᠡᠮ ᠰᠣᠭᠤᠭ ᠢ

        ᠵᠠᠰᠠᠭᠰᠠᠨ ᠪᠠᠶᠢᠳᠠᠯ᠂ ᠲᠦᠷᠢᠮ ᠤᠨ ᠪᠠᠶᠢᠭᠤᠯᠤᠯᠲᠠ ᠶᠢᠨ ᠪᠠᠶᠢᠳᠠᠯ︔ ᠬᠤᠷᠢᠶᠠᠨ ᠠᠪᠴᠦ ᠵᠠᠳᠠᠯᠤᠨ ᠰᠠᠯᠭᠠᠬᠤ

        ᠶᠠᠪᠤᠴᠠ ᠳᠠᠬᠢ ᠠᠶᠤᠯᠲᠠᠶ ᠠᠵᠢᠯ ᠤᠨ ᠳᠠᠷᠠᠭᠠᠯᠠᠯ᠂ ᠠᠶᠤᠯᠲᠠᠶ ᠠᠵᠢᠯ᠂ ᠭᠤᠤᠯᠳᠠᠯᠭ᠎ᠠ ᠲᠠᠢ ᠣᠷᠣᠨ ᠪᠠᠶᠢᠷᠢ ᠵᠡᠷᠭᠡ

        ᠲᠠᠯᠠᠪᠤᠷ ᠤᠨ ᠠᠮᠤᠷ ᠲᠦᠪᠰᠢᠨ ᠢ ᠬᠠᠮᠢᠶᠠᠷᠤᠨ ᠡᠵᠡᠮᠳᠡᠭᠰᠡᠨ ᠪᠠᠶᠢᠳᠠᠯ︔ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ

        ᠲᠥᠰᠦᠯ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ᠂ ᠠᠮᠤᠷ ᠲᠦᠪᠰᠢᠨ ᠤ ᠰᠠᠭᠤᠷᠢ ᠠᠵᠢᠯ ᠵᠢᠴᠢ ᠬᠥᠮᠦᠵᠢᠯ

        ᠪᠣᠯᠪᠠᠰᠤᠷᠠᠭᠤᠯᠤᠯ ᠤᠨ ᠪᠠᠶᠢᠳᠠᠯ᠂ ᠠᠵᠤ ᠠᠬᠤᠶᠢᠯᠠᠯ ᠤᠨ ᠠᠶᠤᠯᠬᠦᠢ ᠦᠢᠯᠡᠳᠪᠤᠷᠢᠯᠡᠯ ᠤᠨ ᠭᠤᠤᠯ ᠴᠣᠭᠴᠠ ᠶᠢ

        ᠵᠠᠳᠠᠯᠬᠤ ᠬᠠᠷᠢᠭᠤᠴᠠᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠵᠤ᠂ ᠠᠵᠢᠯ ᠲᠥᠷᠥᠯ ᠤᠨ ᠠᠮᠤᠷ ᠲᠦᠪᠰᠢᠨ ᠤ

        ᠬᠠᠮᠢᠶᠠᠷᠤᠯᠲᠠ ᠶᠢᠨ ᠰᠠᠭᠤᠷᠢ ᠶᠢ ᠪᠠᠬᠢᠵᠢᠭᠦᠯᠦᠨ᠎ᠡ᠃

               3. ᠬᠠᠤᠯᠢ ᠪᠤᠰᠤ ᠪᠠᠷ ᠮᠠᠰᠢᠨ ᠲᠡᠷᠭᠡ ᠶᠢ ᠵᠠᠳᠠᠯᠬᠤ ᠳᠤ ᠴᠢᠩᠭ᠎ᠠ ᠴᠣᠬᠢᠯᠲᠠ ᠥᠭᠭᠦᠨ᠎ᠡ᠃

        ᠬᠡᠷᠡᠭᠯᠡᠭᠡᠨ ᠠᠴᠠ ᠭᠠᠷᠭᠠᠭᠰᠠᠨ ᠮᠠᠰᠢᠨ ᠲᠡᠷᠭᠡ ᠶᠢᠨ ᠬᠤᠷᠢᠶᠠᠨ ᠠᠪᠴᠦ ᠵᠠᠳᠠᠯᠬᠤ ᠬᠢᠷᠢ ᠬᠡᠮ ᠤᠨ ᠦᠨᠡᠮᠯᠡᠯ ᠢ

        ᠣᠯᠤᠭᠰᠠᠨ ᠥᠬᠡᠶ ᠪᠠᠷ ᠳᠤᠷ᠎ᠠ ᠪᠠᠷ ᠢᠶᠠᠨ ᠬᠤᠷᠢᠶᠠᠨ ᠠᠪᠴᠦ ᠵᠠᠳᠠᠯᠤᠨ ᠰᠠᠯᠭᠠᠬᠤ ᠠᠵᠢᠯᠯᠠᠭ᠎ᠠ ᠬᠢᠭᠰᠡᠨ ᠥᠢᠯᠡ

        ᠠᠵᠢᠯᠯᠠᠭ᠎ᠠ ᠳᠤ ᠭᠤᠤᠯᠳᠠᠯᠭ᠎ᠠ ᠲᠠᠢ ᠴᠣᠬᠢᠯᠲᠠ ᠥᠭᠭᠦᠨ᠎ᠡ︔ ︽ᠬᠡᠷᠡᠭᠯᠡᠭᠡᠨ ᠠᠴᠠ ᠭᠠᠷᠭᠠᠭᠰᠠᠨ ᠮᠠᠰᠢᠨ ᠲᠡᠷᠭᠡ ᠶᠢ

        ᠬᠤᠷᠢᠶᠠᠨ ᠠᠪᠤᠭᠰᠠᠨ ᠭᠡᠷᠡᠴᠢ︾ ︵2020 ᠣᠨ ᠤ 9 ᠰᠠᠷ᠎ᠠ ᠶᠢᠨ 1 ᠤ ᠡᠳᠦᠷ᠂ ᠬᠤᠳᠠᠯᠳᠤᠭᠠᠨ ᠤ

        ᠶᠠᠪᠤᠳᠠᠯ ᠤᠨ ᠶᠠᠮᠤᠨ ᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠰᠢᠨ᠎ᠡ ᠬᠡᠪᠯᠡᠯ ᠤᠨ ︽ᠬᠤᠷᠢᠶᠠᠨ

        ᠠᠪᠤᠭᠰᠠᠨ ᠭᠡᠷᠡᠴᠢ︾ ᠶᠢ ᠵᠢᠩᠬᠢᠨᠢ ᠪᠠᠷ ᠡᠬᠢᠯᠡᠨ ᠬᠡᠷᠡᠭᠯᠡᠵᠦ᠂ ᠬᠠᠭᠤᠴᠢᠨ ᠬᠡᠪᠯᠡᠯ ᠢ ᠬᠦᠴᠦᠨ ᠥᠬᠡᠶ ᠪᠣᠯᠭᠠᠪᠠ︶ ᠶᠢ

        ᠬᠤᠳᠠᠯᠳᠤᠭᠠᠯᠠᠬᠤ ᠪᠤᠶᠤ ᠬᠠᠭᠤᠷᠮᠠᠭᠯᠠᠨ ᠵᠣᠬᠢᠶᠠᠬᠤ᠂ ᠥᠭᠡᠷᠡᠲᠦᠭᠦᠯᠦᠨ ᠵᠤᠬᠢᠶᠠᠬᠤ ᠦᠢᠯᠡ ᠠᠵᠢᠯᠯᠠᠭ᠎ᠠ︔

        ᠬᠡᠷᠡᠭᠴᠡᠭᠡ ᠠᠴᠠ ᠭᠠᠷᠭᠠᠭᠰᠠᠨ ᠮᠠᠰᠢᠨ ᠲᠡᠷᠭᠡ ᠶᠢ ᠬᠤᠷᠢᠶᠠᠨ ᠠᠪᠬᠤ ᠲᠣᠣᠷ ᠴᠡᠭ ᠢ ᠬᠠᠤᠯᠢ ᠲᠣᠭᠲᠠᠭᠠᠯ ᠠᠴᠠ

        ᠵᠥᠷᠢᠴᠡᠨ ᠪᠠᠶᠢᠭᠤᠯᠤᠭᠰᠠᠨ ᠥᠢᠯᠡ ᠠᠵᠢᠯᠯᠠᠭ᠎ᠠ ᠵᠢᠴᠢ ︽ᠬᠠᠮᠢᠶᠠᠷᠤᠯᠲᠠ ᠶᠢᠨ ᠠᠷᠭ᠎ᠠ︾ ᠪᠣᠯᠤᠨ ︽ᠬᠡᠷᠡᠭᠵᠢᠭᠦᠯᠬᠦ

        ᠨᠠᠷᠢᠨ ᠲᠥᠷᠢᠮ︾ ᠵᠡᠷᠭᠡ ᠬᠤᠯᠪᠣᠭᠳᠠᠯ ᠪᠥᠬᠦᠢ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ

        ᠥᠢᠯᠡ ᠠᠵᠢᠯᠯᠠᠭ᠎ᠠ᠃

               ᠵᠢᠷᠭᠤᠭ᠎ᠠ᠂ ᠠᠵᠢᠯ ᠤᠨ ᠱᠠᠭᠠᠷᠳᠠᠯᠭ᠎ᠠ

               ︵ᠨᠢᠭᠡ︶ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠦᠨ᠎ᠡ᠃ ᠡᠯ᠎ᠡ ᠠᠶᠢᠮᠠᠭ ᠬᠤᠲᠠ ᠶᠢᠨ

        ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠨᠢ ᠠᠵᠤ ᠠᠬᠤᠶᠢᠯᠠᠯ ᠤᠨ ᠤᠴᠢᠷ ᠶᠠᠪᠤᠳᠠᠯ ᠤᠨ ᠳᠤᠮᠳᠠᠬᠢ ᠪᠠ ᠤᠴᠢᠷ

        ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢᠨ ᠱᠠᠭᠠᠷᠳᠠᠯᠭᠠᠲᠦ ᠴᠢᠨᠠᠷ ᠪᠠ ᠴᠢᠬᠤᠯᠠ

        ᠴᠢᠨᠠᠷ ᠢ ᠬᠦᠢᠴᠡᠳ ᠲᠠᠨᠢᠵᠤ᠂ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠪᠠ

        ᠦᠢᠯᠡᠴᠢᠯᠡᠭᠡᠨ ᠤ ᠬᠥᠭᠵᠢᠯᠲᠡ ᠵᠢᠨ‌ᠬᠠᠷᠢᠴᠠᠭ᠎ᠠ ᠶᠢ ᠵᠥᠪ ᠢᠶᠠᠷ ᠰᠢᠢᠳᠪᠤᠷᠢᠯᠡᠵᠦ᠂ ᠪᠠᠶᠢᠴᠠᠭᠠᠬᠤ ᠪᠠ ᠵᠢᠯᠣᠭᠤᠳᠬᠤ᠂

        ᠰᠢᠳᠬᠡᠬᠦ ᠪᠠ ᠰᠤᠷᠭᠠᠨ ᠬᠥᠮᠦᠵᠢᠭᠦᠯᠬᠦ᠂ ᠬᠢᠨᠠᠨ ᠬᠠᠮᠢᠶᠠᠷᠬᠤ ᠪᠠ ᠦᠢᠯᠡᠴᠢᠯᠡᠬᠦ ᠶᠢ ᠤᠶᠠᠯᠳᠤᠭᠤᠯᠬᠤ ᠶᠢ

        ᠴᠢᠬᠤᠯᠠᠴᠢᠯᠠᠵᠦ᠂ ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ ᠬᠤᠷᠢᠶᠠᠨ ᠠᠪᠴᠦ ᠵᠠᠳᠠᠯᠤᠨ ᠰᠠᠯᠭᠠᠬᠤ

        ᠠᠵᠤ ᠠᠬᠤᠶᠢᠯᠠᠯ ᠢ ᠬᠢᠨᠠᠨ ᠬᠠᠮᠢᠶᠠᠷᠬᠤ ᠠᠵᠢᠯ ᠢᠶᠠᠨ ᠦᠨᠡᠨᠬᠦ ᠨᠠᠶᠢᠳᠠᠪᠤᠷᠢᠵᠢᠭᠤᠯᠵᠦ᠂ ᠬᠢᠨᠠᠨ ᠬᠠᠮᠢᠶᠠᠷᠤᠯᠲᠠ

        ᠬᠤᠭᠤᠰᠤᠳᠠᠬᠤ ᠦᠬᠡᠢ᠂ ᠭᠠᠵᠢᠭᠤᠳᠠᠬᠤ ᠦᠬᠡᠢ᠂ ᠪᠤᠷᠤᠭᠤᠳᠠᠬᠤ ᠦᠬᠡᠢ ᠪᠠᠶᠢᠬᠤ ᠶᠢ ᠪᠠᠲᠤᠯᠠᠬᠤ ᠬᠡᠷᠡᠭᠲᠡᠢ᠃

               ︵ᠬᠤᠶᠠᠷ︶ ᠠᠵᠢᠯ ᠲᠦᠷᠦᠯ ᠤᠨ ᠦᠢᠯᠡᠴᠢᠯᠡᠭᠡᠨ ᠢ ᠴᠢᠩᠭᠠᠳᠬᠠᠨ᠎ᠠ᠃ ᠡᠯ᠎ᠡ ᠠᠶᠢᠮᠠᠭ ᠬᠤᠲᠠ ᠶᠢᠨ

         ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠨᠢ ᠤᠯᠤᠰ ᠤᠨ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ

        ᠪᠢᠴᠢᠭ ᠮᠠᠲ᠋ᠧᠷᠢᠶᠠᠯ ᠢ ᠬᠦᠨᠵᠡᠭᠡᠢ ᠰᠤᠷᠤᠯᠴᠠᠨ ᠰᠤᠳᠤᠯᠵᠦ᠂ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢᠨ

        ᠤᠬᠠᠭᠤᠯᠭ᠎ᠠ᠂ ᠲᠠᠶᠢᠯᠪᠤᠷᠢᠯᠯᠠᠲᠠ ᠪᠠ ᠵᠢᠯᠤᠭᠤᠳᠤᠯᠭ᠎ᠠ ᠶᠢ ᠨᠠᠷᠢᠨ ᠬᠢᠨᠠᠮᠠᠭᠠᠢ ᠬᠢᠵᠦ᠂ ᠨᠡᠶᠢᠭᠡᠮ ᠤᠨ ᠠᠩᠬᠠᠷᠤᠯ ᠳᠤ

        ᠬᠠᠷᠢᠭᠤ ᠲᠤᠰᠬᠠᠯ ᠦᠭᠴᠦ᠂ ᠦᠢᠯᠡᠴᠢᠯᠡᠭᠡᠨ ᠤ ᠬᠢᠷᠢ ᠲᠦᠪᠰᠢᠨ ᠢᠶᠠᠨ ᠲᠡᠭᠡᠭᠰᠢᠯᠡᠭᠦᠯᠵᠦ᠂ ᠠᠵᠦ ᠠᠬᠤᠶᠢᠯᠠᠯ ᠤᠨ

        ᠬᠠᠦᠯᠢ ᠲᠦᠷᠢᠮ ᠶᠤᠰᠤᠭᠠᠷ ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ ᠬᠤᠷᠢᠶᠠᠨ ᠠᠪᠴᠦ ᠵᠠᠳᠠᠯᠤᠨ

        ᠰᠠᠯᠭᠠᠬᠤ ᠶᠢ ᠬᠦᠲᠦᠯᠦᠨ ᠵᠢᠯᠤᠭᠤᠳᠴᠦ᠂ ᠪᠠᠲᠤᠯᠠᠭ᠎ᠠ ᠲᠠᠢ ᠬᠦᠷᠦᠩᠭᠡ ᠶᠢ ᠠᠵᠢᠯ ᠲᠦᠷᠦᠯ ᠳᠤ ᠲᠠᠲᠠᠨ

        ᠤᠷᠤᠭᠤᠯᠵᠤ᠂ ᠠᠵᠢᠯ ᠲᠥᠷᠥᠯ ᠤᠨ ᠪᠦᠬᠦᠯᠢ ᠴᠣᠭᠴᠠ ᠶᠢᠨ ᠪᠥᠲᠥᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ

        ᠳᠡᠭᠡᠭᠰᠢᠯᠡᠭᠦᠯᠦᠨ᠂ ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ ᠬᠤᠷᠢᠶᠠᠨ ᠠᠪᠬᠤ ᠠᠵᠢᠯ ᠲᠥᠷᠥᠯ ᠤᠨ

        ᠵᠠᠬ᠎ᠠ ᠳᠡᠯᠭᠡᠭᠦᠷᠴᠢᠯᠡᠬᠦ᠂ ᠲᠤᠰᠬᠠᠶᠢᠵᠢᠭᠤᠯᠬᠤ᠂ ᠡᠷᠴᠢᠮᠵᠢᠭᠦᠯᠬᠦ ᠬᠥᠭᠵᠢᠯᠲᠡ ᠶᠢ ᠭᠦᠨᠵᠡᠭᠡᠶ ᠠᠬᠢᠭᠤᠯᠤᠨ᠎ᠠ᠃

        ᠣᠳᠣ ᠶᠢᠨ ᠪᠠᠶᠢᠭ᠎ᠠ ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ ᠬᠤᠷᠢᠶᠠᠨ ᠠᠪᠴᠦ ᠵᠠᠳᠠᠯᠤᠨ

        ᠰᠠᠯᠭᠠᠬᠤ ᠠᠵᠤ ᠠᠬᠤᠶᠢᠯᠠᠯ ᠤᠨ ᠲᠠᠰ ᠳᠡᠪᠰᠢᠭᠦᠯᠦᠨ ᠥᠭᠡᠷᠡᠴᠢᠯᠡᠬᠦ ᠠᠵᠢᠯ ᠢ ᠰᠠᠶᠢᠲᠤᠷ ᠬᠢᠬᠦ ᠶᠢ ᠵᠢᠯᠣᠭᠤᠳᠬᠤ ᠪᠠᠨ

        ᠴᠢᠩᠭᠠᠳᠬᠠᠬᠤ ᠬᠡᠷᠡᠭᠲᠡᠶ᠃

               ︵ᠭᠤᠷᠪᠠ︶ ᠠᠵᠢᠯ ᠲᠥᠷᠥᠯ ᠤᠨ ᠡᠮᠬᠢ ᠵᠢᠷᠤᠮ ᠲᠠᠢ ᠪᠠᠷ ᠬᠥᠭᠵᠢᠬᠦ ᠶᠢ ᠵᠢᠯᠣᠭᠤᠳᠤᠨ᠎ᠠ᠃ ᠡᠯ᠎ᠡ

        ᠱᠠᠲᠤᠨ ᠤ ᠬᠤᠳᠠᠯᠳᠤᠭᠠᠨ ᠤ ᠶᠠᠪᠤᠳᠠᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠳ ᠭᠠᠵᠠᠷ ᠣᠷᠣᠨ ᠤ ᠪᠠᠨ

        ᠪᠠᠶᠢᠳᠠᠯ ᠳᠠᠭᠠᠨ ᠲᠣᠬᠢᠷᠠᠭᠤᠯᠤᠨ᠂ ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ ᠬᠤᠷᠢᠶᠠᠨ ᠠᠪᠴᠦ

        ᠵᠠᠳᠠᠯᠤᠨ ᠰᠠᠯᠭᠠᠬᠤ ᠠᠵᠢᠯ ᠲᠥᠷᠥᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠠᠶᠢᠲᠤᠷ ᠬᠢᠵᠦ᠂ ᠲᠤᠬᠠᠶ ᠶᠢᠨ

        ᠭᠠᠵᠠᠷ ᠤᠷᠤᠨ ᠤ ᠪᠠᠨ ᠮᠠᠰᠢᠨ ᠲᠡᠷᠭᠡ ᠬᠠᠳᠠᠭᠠᠯᠠᠵᠦ ᠪᠠᠶᠢᠭ᠎ᠠ ᠲᠤᠭ᠎ᠠ᠂ ᠵᠠᠳᠠᠯᠤᠨ ᠰᠠᠯᠭᠠᠭᠰᠠᠨ ᠲᠤᠭ᠎ᠠ ᠵᠢᠴᠢ

        ᠬᠥᠭᠵᠢᠯᠲᠡ ᠶᠢᠨ ᠬᠠᠨᠳᠤᠰᠢ ᠶᠢ ᠨᠠᠷᠢᠨ ᠬᠢᠨᠠᠮᠠᠭᠠᠶ ᠰᠤᠳᠤᠯᠵᠤ᠂ ᠠᠵᠤ ᠠᠬᠤᠶᠢᠯᠠᠯ ᠢ ᠵᠢᠯᠣᠭᠤᠳᠤᠨ ᠤᠷᠤᠨ ᠪᠦᠰᠡ

         ᠶᠢᠨ ᠪᠠᠶᠢᠷᠢᠰᠢᠯ᠂ ᠮᠠᠰᠢᠨ ᠲᠡᠷᠭᠡ ᠬᠠᠳᠠᠭᠠᠯᠠᠵᠦ ᠪᠠᠶᠢᠭ᠎ᠠ ᠲᠤᠭ᠎ᠠ ᠶᠢ ᠲᠦᠯᠦᠪᠵᠢᠬᠦᠯᠦᠨ ᠪᠤᠳᠤᠯᠬᠢᠯᠠᠵᠦ᠂

        ᠡᠵᠡᠩᠨᠡᠯᠲᠡ ᠶᠢᠨ ᠦᠷ᠎ᠡ ᠠᠰᠢᠭ᠂ ᠠᠵᠢᠯ ᠲᠥᠷᠥᠯ ᠤᠨ ᠬᠥᠭᠵᠢᠯᠲᠡ ᠶᠢᠨ ᠢᠷᠡᠭᠡᠳᠦᠢ ᠵᠡᠷᠭᠡ ᠬᠦᠴᠦᠨ ᠵᠤᠶᠢᠯ ᠢ

        ᠵᠦᠶ ᠵᠣᠬᠢᠰᠲᠠᠶ ᠲᠥᠰᠦᠭᠡᠯᠡᠨ ᠪᠤᠳᠤᠵᠤ᠂ ᠠᠵᠢᠯ ᠲᠥᠷᠥᠯ ᠤᠨ ᠨᠤᠲᠠᠯᠠᠯᠲᠠ ᠪᠠ ᠠᠶᠤᠯ ᠲᠦᠭᠰᠢᠭᠦᠷᠢ ᠶᠢᠨ ᠦᠨᠡᠯᠡᠨ

        ᠵᠢᠱᠢᠯᠲᠡ ᠶᠢ ᠦᠨᠡᠨᠬᠦ ᠰᠠᠶᠢᠲᠤᠷ ᠬᠢᠵᠦ᠂ ᠰᠣᠬᠤᠷ ᠪᠠᠯᠠᠶ ᠪᠠᠷ ᠡᠬᠢᠯᠡᠭᠦᠯᠬᠦ᠂ ᠡᠬᠢ ᠪᠠᠶᠠᠯᠢᠭ ᠢ ᠪᠦᠷᠢᠯᠭᠡᠬᠦ ᠠᠴᠠ

        ᠵᠠᠶᠢᠯᠠᠰᠬᠢᠵᠦ᠂ ᠳᠠᠪᠬᠤᠷᠳᠠᠭᠤᠯᠤᠨ ᠪᠥᠲᠥᠭᠡᠨ ᠪᠠᠶᠢᠭᠤᠯᠬᠤ ᠪᠠ ᠵᠦᠶ ᠪᠤᠰᠤ ᠥᠷᠢᠰᠥᠯᠳᠦᠭᠡᠨ ᠠᠴᠠ ᠬᠠᠮᠤᠭ ᠤᠨ

        ᠶᠡᠭᠡ ᠬᠡᠮᠵᠢᠶ᠎ᠡ ᠪᠠᠷ ᠵᠠᠶᠢᠯᠠᠰᠬᠢᠵᠦ᠂ ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ ᠬᠤᠷᠢᠶᠠᠨ ᠠᠪᠴᠦ

        ᠵᠠᠳᠠᠯᠤᠨ ᠰᠠᠯᠭᠠᠬᠤ ᠠᠵᠢᠯ ᠲᠥᠷᠥᠯ ᠤᠨ ᠵᠢᠷᠤᠮᠵᠢᠯ ᠲᠠᠢ ᠡᠮᠬᠢ ᠵᠢᠷᠤᠮ ᠲᠠᠢ ᠡᠷᠡᠭᠦᠯ ᠢᠶᠠᠷ ᠬᠥᠭᠵᠢᠬᠦ ᠶᠢ ᠦᠨᠡᠨᠬᠦ

        ᠪᠠᠲᠤᠯᠠᠬᠤ ᠬᠡᠷᠡᠭᠲᠡᠶ᠃

               ᠲᠡᠭᠡᠷ᠎ᠡ ᠲᠤᠷᠠᠳᠤᠭᠳᠠᠭᠰᠠᠨ ᠦᠬᠡᠢ ᠵᠦᠢᠯ ᠢ ︽ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ

        ᠬᠤᠷᠢᠶᠠᠨ ᠠᠪᠬᠤ ᠬᠠᠮᠢᠶᠠᠷᠤᠯᠲᠠ ᠶᠢᠨ ᠠᠷᠭ᠎ᠠ︾ ︵ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ 715

        ᠳ᠋ᠤᠭᠠᠷ ᠲᠣᠭᠠᠲᠤ︶᠂ ︽ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ ᠬᠤᠷᠢᠶᠠᠨ ᠠᠪᠬᠤ

        ᠬᠠᠮᠢᠶᠠᠷᠤᠯᠲᠠ ᠶᠢᠨ ᠠᠷᠭ᠎ᠠ ᠶᠢᠨ ᠬᠡᠷᠡᠭᠵᠢᠭᠦᠯᠬᠦ ᠨᠠᠷᠢᠨ ᠲᠦᠷᠢᠮ︾ ︵ᠬᠤᠳᠠᠯᠳᠤᠭᠠᠨ ᠤ ᠶᠠᠪᠤᠳᠠᠯ ᠤᠨ ᠶᠠᠮᠤᠨ ᠤ

        ᠵᠠᠷᠯᠢᠭ 2020 ᠣᠨ ᠤ 2 ᠳ᠋ᠤᠭᠠᠷ ᠲᠣᠭᠠᠲᠤ︶ ᠪᠠ ︽ᠬᠡᠷᠡᠭᠴᠡᠭᠡᠨ ᠠᠴᠠ ᠪᠠᠨ ᠭᠠᠷᠤᠭᠰᠠᠨ ᠮᠠᠰᠢᠨ ᠲᠡᠷᠭᠡ ᠶᠢ

        ᠬᠤᠷᠢᠶᠠᠨ ᠠᠪᠴᠤ ᠵᠠᠳᠠᠯᠬᠤ ᠠᠵᠤ ᠠᠬᠤᠶᠢᠯᠠᠯ ᠤᠨ ᠮᠡᠷᠭᠡᠵᠢᠯ ᠤᠨ ᠲᠦᠷᠢᠮᠵᠢᠯ︾ ︵GB22128 —

        2019︶ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠪᠤᠯᠤᠨ ᠲᠦᠷᠢᠮ ᠲᠣᠭᠲᠠᠭᠠᠯ ᠤᠨ ᠬᠤᠯᠪᠣᠭᠳᠠᠯ ᠪᠥᠬᠦᠶ

        ᠲᠣᠭᠲᠠᠭᠠᠯ ᠶᠣᠰᠣᠭᠠᠷ ᠬᠦᠢᠴᠡᠳᠬᠡᠨ᠎ᠠ᠃

         
        ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠬᠤᠳᠠᠯᠳᠣᠭᠠᠨ ᠤ ᠶᠠᠪᠤᠳᠠᠯ ᠤᠨ ᠲᠢᠩᠬᠢᠮ
         
        2014-2021 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000248号