内蒙古自治区水利厅 365bet体育直播_365bet足球官方开户网_365提现流水不足

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠾᠧᠨᠠᠨ ᠮᠤᠵᠢ ᠶᠢᠨ ᠤᠰᠤᠨ ᠠᠰᠢᠭᠯᠠᠯᠲᠠ ᠶᠢᠨ ᠲᠢᠩᠬᠢᠮ ᠤᠳᠤᠷᠢᠳᠤᠮᠵᠢ  ᠶᠢ ᠣᠨᠣᠪᠴᠢᠲᠠᠶ ᠡᠵᠡᠮᠳᠡᠨ᠂ ᠤᠰᠤᠨ ᠤ ᠳᠥᠷᠪᠡᠨ ᠳᠦᠷᠦᠯ ᠤᠨ ᠠᠰᠠᠭᠤᠳᠠᠯ ᠢ ᠵᠡᠷᠭᠡᠪᠡᠷ ᠵᠠᠰᠠᠵᠦ᠂ ᠳᠤᠲᠠᠭᠤᠳᠠᠯ ᠢᠶᠠᠨ ᠨᠥᠬᠦᠪᠥᠷᠢᠯᠡᠨ᠎ᠡ
        ᠨᠡᠶᠢᠲᠡᠯᠡᠭᠰᠡᠨ ᠴᠠᠭ᠄
        2021/5/26
            ᠨᠢᠭᠡ᠂ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠳᠤᠲᠠᠭᠤᠳᠠᠯ ᠢᠶᠠᠨ ᠡᠷᠢᠨ᠂  ᠤᠰᠤᠨ ᠤ ᠳᠥᠷᠪᠡᠨ ᠳᠦᠷᠦᠯ ᠤᠨ ᠠᠰᠠᠭᠤᠳᠠᠯ ᠢ ᠵᠡᠷᠭᠡᠪᠡᠷ ᠵᠠᠰᠠᠵᠦ ᠰᠢᠨ᠎ᠡ ᠪᠠᠶᠢᠳᠠᠯ ᠢ ᠨᠡᠭᠡᠭᠡᠪᠡ      ᠠᠰᠠᠭᠤᠳᠠᠯ ᠪᠣᠯ ᠴᠠᠭ ᠦᠶ᠎ᠡ ᠶᠢᠨ ᠲᠠᠭᠤᠨ ᠮᠥᠨ᠃  ︽ᠠᠷᠪᠠᠨ ᠵᠢᠷᠭᠤᠭᠠᠨ ᠦᠰᠦᠭ︾ ᠤᠨ ᠤᠰᠤ ᠵᠠᠰᠠᠬᠤ ᠰᠡᠳᠬᠢᠴᠡ ᠪᠠ ᠤᠰᠤᠨ ᠠᠰᠢᠭᠯᠠᠯᠲᠠ ᠶᠢᠨ ᠥᠭᠡᠷᠡᠴᠢᠯᠡᠯᠲᠡ ᠬᠥᠭᠵᠢᠯᠲᠡ ᠶᠢᠨ ᠶᠡᠷᠦᠩᠬᠡᠢ ᠬᠦᠭ ᠠᠶᠠᠰ ᠢ ᠭᠦᠨᠵᠡᠭᠡᠢ ᠲᠤᠤᠱᠯᠠᠭᠤᠯᠬᠤ ᠶᠢᠨ ᠲᠥᠯᠥᠭᠡ᠂ ᠾᠧᠨᠠᠨ ᠮᠤᠵᠢ ᠨᠢ ᠤᠰᠤᠨ ᠤ ᠡᠬᠢ ᠰᠤᠷᠪᠤᠯᠵᠢ ᠬᠦᠷᠦᠯᠴᠡᠬᠦ       ᠦᠭᠡᠢ᠂ ᠤᠰᠤᠨ ᠤ ᠬᠡᠮᠵᠢᠶ᠎ᠡ ᠬᠦᠷᠦᠯᠴᠡᠬᠦ ᠦᠭᠡᠢ᠂ ᠤᠰᠤᠨ ᠤ ᠴᠢᠨᠠᠷ ᠰᠢᠯᠢᠳᠡᠭ ᠪᠤᠰᠤ᠂ ᠤᠰᠤᠨ ᠭᠠᠮᠰᠢᠭ ᠤᠯᠠᠨ ᠡᠭᠦᠰᠬᠦ ᠵᠡᠷᠭᠡ ᠰᠢᠨ᠎ᠡ ᠬᠠᠭᠤᠴᠢᠨ ᠤᠰᠤᠨ ᠤ ᠠᠰᠠᠭᠤᠳᠠᠯ ᠳᠤ ᠬᠦᠴᠦᠨ ᠢᠶᠠᠨ ᠲᠥᠪᠯᠡᠷᠡᠭᠦᠯᠤᠨ᠂  2018 ᠣᠨ ᠠᠴᠠ ᠡᠬᠢᠯᠡᠨ᠂ ᠤᠰᠤᠨ ᠤ ᠡᠬᠢ ᠪᠠᠶᠠᠯᠢᠭ᠂ ᠤᠰᠤᠨ ᠤ ᠠᠮᠢ ᠠᠬᠤᠢ᠂ ᠤᠰᠤᠨ ᠤ ᠣᠷᠴᠢᠨ ᠲᠣᠭᠤᠷᠢᠨ᠂ ᠤᠰᠤᠨ ᠤ ᠭᠠᠮᠰᠢᠭ ᠵᠡᠷᠭᠡ ︽ᠤᠰᠤᠨ ᠤ ᠲᠦᠷᠪᠡᠨ ᠳᠦᠷᠦᠯ ᠤᠨ ᠠᠰᠠᠭᠤᠳᠠᠯ ᠢ ᠵᠡᠷᠭᠡᠪᠡᠷ ᠵᠠᠰᠠᠬᠤ︾ ᠲᠠᠯ᠎ᠠ ᠪᠠᠷ ᠪᠦᠬᠦ ᠲᠠᠯ᠎ᠠ ᠶᠢᠨ ᠴᠢᠨᠠᠷᠲᠠᠢ ᠲᠥᠯᠥᠪᠵᠢᠭᠦᠯᠭᠡ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠵᠦ᠂ ᠤᠰᠤᠨ ᠠᠰᠢᠭᠯᠠᠯᠲᠠ ᠶᠢᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠠᠬᠢᠭᠤᠯᠪᠠ᠃      ᠨᠢᠭᠡ ᠳᠤ᠂ ᠪᠥᠬᠦ ᠮᠤᠵᠢ ᠪᠠᠷ ᠢᠶᠠᠨ ︽ᠬᠥᠯᠭᠡ ᠰᠢᠲᠠᠷ᠎ᠠ ᠮᠡᠲᠦ ᠪᠠᠶᠢᠬᠤ︾ ᠪᠠᠶᠢᠳᠠᠯ ᠢ ᠪᠣᠶ ᠪᠣᠯᠭᠠᠪᠠ᠃ ᠮᠤᠵᠢ ᠶᠢᠨ ᠨᠠᠮ ᠤᠨ ᠬᠤᠷᠢᠶᠠᠨ ᠤ ᠱᠦᠵᠢ᠂ ᠮᠤᠵᠢ ᠶᠢᠨ ᠳᠠᠷᠤᠭ᠎ᠠ ᠪᠡᠶ᠎ᠡ ᠪᠠᠷ ᠢᠶᠠᠨ ᠤᠳᠤᠷᠢᠳᠴᠤ᠂ ᠰᠢᠭᠤᠳ ᠵᠢᠯᠤᠭᠤᠳᠤᠨ᠂ ᠡᠮᠦᠨ᠎ᠡ ᠹᠷᠣᠨᠲ ᠲᠤ ᠱᠠᠭᠠᠷᠳᠠᠨ ᠵᠢᠯᠣᠭᠤᠳᠴᠤ᠂ ᠮᠤᠵᠢ ᠶᠢᠨ ᠨᠠᠮ ᠤᠨ ᠬᠤᠷᠢᠶᠠᠨ ᠤ ᠱᠦᠵᠢ ᠨᠢᠭᠡᠳᠦᠭᠡᠷ ᠶᠡᠷᠦᠩᠬᠡᠢ ᠭᠤᠣᠯ ᠤᠨ ᠳᠠᠷᠤᠭ᠎ᠠ ᠪᠠ ᠤᠰᠤᠨ ᠤ ᠳᠦᠷᠪᠡᠨ ᠳᠦᠷᠦᠯ ᠤᠨ ᠠᠰᠠᠭᠤᠳᠠᠯ ᠢ ᠵᠡᠷᠭᠡᠪᠡᠷ ᠵᠠᠰᠠᠬᠤ ᠤᠳᠤᠷᠢᠳᠬᠤ ᠳᠤᠭᠤᠶᠢᠯᠠᠩ ᠤᠨ ᠨᠢᠭᠡᠳᠦᠭᠡᠷ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠮᠤᠵᠢ ᠶᠢᠨ ᠳᠠᠷᠤᠭ᠎ᠠ ᠶᠡᠷᠦᠩᠬᠡᠢ ᠭᠤᠣᠯ ᠤᠨ ᠳᠠᠷᠤᠭ᠎ᠠ ᠪᠠ ᠤᠳᠤᠷᠢᠳᠬᠤ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠨ᠂ ᠭᠤᠷᠪᠠᠨ ᠵᠢᠯ ᠤᠨ ᠲᠤᠷᠰᠢ ᠤᠷᠢᠳ ᠬᠤᠵᠢᠳ 15 ᠤᠳᠠᠭ᠎ᠠ ᠬᠤᠷᠠᠯ       ᠬᠤᠷᠠᠯᠳᠤᠭᠤᠯᠤᠨ᠂ 12 ᠤᠳᠠᠭ᠎ᠠ ᠲᠤᠬᠠᠢ ᠶᠢᠨ ᠲᠠᠯᠠᠪᠠᠢ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠴᠢᠬᠤᠯᠠ ᠶᠡᠭᠡ ᠲᠦᠷᠦᠯ ᠵᠦᠢᠯ ᠢ ᠰᠤᠳᠤᠯᠤᠨ ᠲᠥᠯᠥᠪᠵᠢᠭᠦᠯᠵᠦ᠂ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠂ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠵᠡᠷᠭᠡᠪᠡᠷ ᠠᠳᠬᠤᠵᠤ ᠬᠠᠮᠲᠤ ᠪᠠᠷ ᠬᠠᠮᠢᠶᠠᠷᠬᠤ ᠶᠢ ᠲᠠᠶᠢᠴᠢᠯᠠᠪᠠ᠃      ᠬᠤᠶᠠᠷ ᠲᠤ᠂ ᠬᠢᠨᠠᠨ ᠰᠢᠯᠭᠠᠬᠤ ︽ᠵᠢᠯᠤᠭᠤᠳᠤᠭᠴᠢ︾ ᠢ ᠴᠢᠩᠭᠠᠳᠬᠠᠪᠠ᠃  ᠱᠠᠭᠠᠷᠳᠠᠨ ᠪᠠᠶᠢᠴᠠᠭᠠᠬᠤ ᠬᠢᠨᠠᠨ ᠪᠠᠶᠢᠴᠠᠭᠠᠬᠤ ᠬᠢᠨᠠᠨ ᠰᠢᠯᠭᠠᠬᠤ ᠶᠢ ᠴᠢᠩᠭ᠎ᠠ ᠡᠵᠡᠮᠳᠡᠭᠰᠡᠨ ᠠᠬᠤᠢ ᠪᠠᠶᠢᠳᠠᠯ ᠳᠣᠣᠷ᠎ᠠ᠂  ᠤᠰᠤᠨ ᠤ ᠳᠦᠷᠪᠡᠨ ᠳᠦᠷᠦᠯ ᠤᠨ ᠠᠰᠠᠭᠤᠳᠠᠯ ᠢ ᠵᠠᠰᠠᠬᠤ ᠪᠠ ᠭᠤᠣᠯ ᠮᠥᠷᠡᠨ ᠤ ᠳᠠᠷᠤᠭ᠎ᠠ ᠶᠢᠨ ᠲᠦᠷᠢᠮ ᠢ ᠪᠦᠬᠦ ᠮᠤᠵᠢ ᠶᠢᠨ ᠬᠤᠶᠠᠷ ᠴᠢᠬᠤᠯᠠ ᠠᠭᠤᠯᠭ᠎ᠠ ᠪᠣᠯᠭᠠᠨ ᠬᠢᠨᠠᠨ ᠰᠢᠯᠭᠠᠭᠰᠠᠨ ᠠᠴᠠ ᠢᠯᠡ ᠲᠣᠳᠣ ᠠᠵᠢᠯ ᠤᠨ ᠬᠠᠨᠳᠤᠰᠢ ᠨᠢ ᠡᠯ᠎ᠡ ᠱᠠᠳᠤ ᠶᠢ ᠬᠦᠳᠦᠯᠦᠨ ᠵᠢᠯᠣᠭᠤᠳᠴᠤ ᠳᠡᠭᠡᠳᠦ ᠬᠡᠮᠵᠢᠶ᠎ᠡ ᠪᠠᠷ ᠴᠢᠬᠤᠴᠢᠯᠠᠭᠳᠠᠪᠠ᠃      ᠭᠤᠷᠪᠠ ᠳᠤ᠂ ᠲᠣᠭᠲᠠᠴᠠ ᠶᠢᠨ ︽ᠠᠬᠢᠭᠤᠯᠤᠭᠴᠢ︾ ᠶᠢ ᠰᠠᠶᠢᠲᠤᠷ ᠬᠡᠷᠡᠭᠯᠡᠪᠡ᠃  ︽ᠰᠠᠷ᠎ᠠ ᠪᠦᠷᠢ ᠨᠡᠶᠢᠲᠡᠯᠡᠨ᠂ ᠤᠯᠠᠷᠢᠯ ᠪᠦᠷᠢ ᠦᠨᠡᠯᠡᠵᠦ᠂ ᠬᠠᠭᠠᠰ ᠵᠢᠯ ᠳᠤ ᠲᠣᠭᠤᠷᠢᠨ ᠦᠵᠡᠵᠦ᠂ ᠵᠢᠯ ᠤᠨ ᠡᠴᠦᠰ ᠲᠤ ᠱᠠᠩᠨᠠᠵᠤ ᠲᠣᠷᠭᠠᠬᠤ︾ ᠲᠣᠭᠲᠠᠴᠠ ᠶᠢ ᠬᠡᠷᠡᠭᠵᠢᠭᠦᠯᠵᠦ᠂ ᠠᠳᠠᠯᠢᠳᠬᠠᠬᠤ᠂ ᠰᠤᠷᠬᠤ᠂ ᠭᠦᠢᠴᠡᠬᠦ᠂ ᠳᠠᠪᠠᠭ᠋ᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ ᠮᠠᠨ ᠤ ᠮᠤᠵᠢ ᠶᠢᠨ ᠤᠰᠤᠨ ᠤ ᠳᠦᠷᠪᠡᠨ ᠠᠰᠠᠭᠤᠳᠠᠯ ᠢ  ᠵᠡᠷᠭᠡᠪᠡᠷ ᠵᠠᠰᠠᠭᠰᠠᠨ ᠠᠷᠭ᠎ᠠ ᠪᠠᠷᠢᠯ ᠨᠢ ᠲᠥᠷᠥ ᠶᠢᠨ ᠶᠠᠪᠤᠳᠠᠯ ᠤᠨ ᠬᠤᠷᠢᠶᠠᠨ ᠤ ᠲᠠᠪᠤᠳᠤᠭᠠᠷ ᠤᠳᠠᠭᠠᠨ ᠤ ᠶᠡᠭᠡ ᠱᠠᠭᠠᠷᠳᠠᠨ ᠪᠠᠶᠢᠴᠠᠭᠠᠯᠲᠠ ᠳᠤ ᠰᠠᠶᠢᠰᠢᠶᠠᠭᠳᠠᠪᠠ᠃ ᠤᠷᠤᠯᠳᠤᠯᠭ᠎ᠠ ᠲᠠᠢ ᠪᠣᠯ ᠰᠠᠶ᠋ᠢ ᠣᠷᠣᠨ ᠪᠠᠶᠢᠷᠢ ᠲᠠᠢ᠂ ᠭᠤᠣᠯ ᠤᠳᠤᠷᠢᠳᠤᠯᠭ᠎ᠠ ᠳᠤ ᠬᠠᠷᠢᠭᠤ ᠮᠡᠳᠡᠭᠦᠯᠦᠯᠲᠡ ᠬᠢᠬᠦ ᠳᠠᠪᠲᠠᠮᠵᠢ ᠨᠢ ᠤᠳᠤᠷᠢᠳᠤᠯᠭ᠎ᠠ ᠶᠢᠨ ᠬᠦᠨᠳᠦᠳᠬᠡᠨ ᠦᠵᠡᠭᠰᠡᠨ ᠬᠡᠮᠵᠢᠶ᠎ᠡ ᠶᠢ ᠲᠣᠭᠲᠠᠭᠠᠵᠤ᠂ ᠤᠰᠤᠨ ᠠᠰᠢᠭᠯᠠᠯᠲᠠ ᠶᠢᠨ ᠠᠵᠢᠯ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠳᠠᠬᠢ ᠪᠠᠶᠢᠷᠢ ᠲᠣᠭᠲᠠᠭᠠᠯᠲᠠ ᠨᠢ ᠤᠰᠤᠨ ᠠᠰᠢᠭᠯᠠᠯᠲᠠ ᠶᠢᠨ ᠰᠢᠰᠲ᠋ᠧᠮ ᠤᠨ ᠪᠦᠬᠦ ᠲᠠᠯ᠎ᠠ ᠳᠠᠬᠢ ᠪᠠᠶᠢᠷᠢ ᠰᠠᠭᠤᠷᠢ ᠶᠢ ᠲᠣᠭᠲᠠᠭᠠᠳᠠᠭ ᠭᠡᠰᠡᠨ ᠢ ᠭᠤᠷᠪᠠᠨ ᠵᠢᠯ ᠭᠠᠷᠤᠢ ᠶᠢᠨ ᠦᠢᠯᠡᠳᠦᠯᠭᠡ ᠪᠢᠳᠡᠨ ᠳᠤ  ᠬᠠᠷᠠᠭᠤᠯᠤᠭᠰᠠᠨ ᠶᠤᠮ᠃     ᠬᠤᠶᠠᠷ᠂ ᠬᠠᠷᠠᠯᠲᠠ ᠪᠠᠷ ᠤᠳᠤᠷᠢᠳᠤᠮᠵᠢ ᠪᠣᠯᠭᠠᠨ ᠳᠤᠲᠠᠭᠤᠳᠠᠯ ᠢ ᠠᠳᠬᠤᠵᠤ᠂ ᠨᠢᠭᠡᠳᠦᠯᠲᠡᠶ ᠲᠥᠯᠥᠪᠵᠢᠭᠦᠯᠦᠨ ᠠᠵᠠ ᠲᠣᠬᠢᠶᠠᠯ ᠢ ᠵᠠᠪᠳᠤᠪᠠ      ᠲᠥᠯᠥᠪᠵᠢᠭᠦᠯᠭᠡ ᠨᠢ ᠰᠢᠨᠵᠢᠯᠡᠬᠦ ᠤᠬᠠᠭᠠᠨᠴᠢ ᠪᠣᠯ ᠬᠠᠮᠤᠭ ᠤᠨ ᠶᠡᠭᠡ ᠦᠷ᠎ᠡ ᠠᠰᠢᠭ ᠮᠥᠨ᠃ ᠮᠠᠨ ᠤ ᠮᠤᠵᠢ ᠨᠢ ᠬᠤᠶᠠᠷ ᠲᠠᠪᠤᠨ ᠵᠢᠯ ᠤᠨ ᠲᠥᠯᠥᠪᠵᠢᠭᠦᠯᠭᠡ ᠶᠢᠨ ᠠᠭᠤᠯᠵᠠᠷ ᠲᠤ ᠰᠠᠭᠤᠷᠢᠯᠠᠨ᠂ 2020 ᠣᠨ ᠢ ᠤᠰᠤᠨ ᠠᠰᠢᠭᠯᠠᠯᠲᠠ ᠶᠢᠨ ᠲᠥᠯᠥᠪᠵᠢᠭᠦᠯᠭᠡ ᠶᠢᠨ ᠣᠨ ᠢᠶᠠᠷ ᠲᠣᠭᠲᠠᠭᠠᠵᠦ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ  ᠲᠤᠤᠱᠯᠠᠭᠤᠯᠤᠨ᠂ ᠵᠢᠮ᠎ᠡ ᠶᠣᠰᠣᠴᠢ ᠴᠢᠨᠠᠷᠳᠠᠢ ᠪᠦᠷᠢᠳᠬᠡᠵᠦ᠂ ᠤᠷᠢᠳᠠᠴᠢ ᠴᠢᠨᠠᠷᠲᠠᠶ ᠳᠦᠰᠦᠪᠯᠡᠨ᠂ ᠳᠤᠮᠳᠠ ᠤᠷᠲᠤ ᠬᠤᠭᠤᠴᠠᠭᠠᠨ ᠤ ᠬᠠᠷᠠᠯᠲᠠ ᠪᠠ ᠣᠬᠤᠷ ᠬᠤᠭᠤᠴᠠᠭᠠᠨ ᠤ ᠬᠠᠷᠠᠯᠲᠠ ᠶᠢ ᠬᠠᠮᠲᠤ ᠳᠤᠨᠢ ᠬᠠᠷᠠᠭᠠᠯᠵᠠᠬᠤ᠂ ᠪᠦᠬᠦ ᠲᠠᠯ᠎ᠠ ᠪᠠᠷ ᠲᠥᠯᠥᠪᠵᠢᠭᠦᠯᠬᠦ ᠪᠠ ᠭᠤᠣᠯᠳᠠᠯᠭ᠎ᠠ ᠶᠢ ᠳᠣᠪᠣᠶᠢᠯᠭᠠᠬᠤ ᠶᠢ ᠬᠠᠷᠢᠯᠴᠠᠨ ᠤᠶᠠᠯᠳᠤᠭᠤᠯᠬᠤ᠂ ᠴᠢᠨᠠᠷᠯᠢᠭ ᠬᠥᠭᠵᠢᠯᠲᠡ  ᠶᠢ ᠠᠬᠢᠭᠤᠯᠬᠤ ᠬᠢᠭᠡᠳ ᠠᠷᠠᠳ ᠣᠯᠠᠨ ᠤ ᠬᠠᠯᠠᠭᠤᠨ ᠬᠦᠰᠡᠯ ᠳᠤ ᠬᠠᠷᠢᠭᠤ ᠲᠤᠰᠬᠠᠬᠤ ᠶᠢ ᠨᠢᠭᠡᠳᠬᠡᠭᠰᠡᠨ ᠲᠥᠯᠥᠪᠵᠢᠭᠦᠯᠭᠡ ᠶᠢᠨ ᠰᠡᠳᠬᠢᠴᠡ ᠶᠢ ᠪᠠᠷᠢᠮᠲᠠᠯᠠᠵᠦ᠂ ᠤᠰᠤᠨ ᠤ ᠳᠦᠷᠪᠡᠨ ᠠᠰᠠᠭᠤᠳᠠᠯ ᠢ ᠵᠡᠷᠭᠡᠪᠡᠷ ᠵᠠᠰᠠᠬᠤ ︽    1 + 10︾ ᠶᠢᠨ ᠲᠥᠯᠥᠪᠵᠢᠭᠦᠯᠭᠡ ᠪᠠᠷ ᠭᠤᠣᠯ ᠴᠣᠭᠴᠠ ᠪᠤᠯᠭᠠᠨ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷᠯᠢᠭ ᠬᠥᠭᠵᠢᠯᠲᠡ᠂ ᠶᠡᠭᠡ ᠲᠠᠲᠠᠮᠠᠯ ᠭᠤᠤᠯ ᠤᠨ ᠤᠰᠤᠨ ᠵᠠᠮ ᠤᠨ ᠵᠠᠰᠠᠯᠲᠠ ᠬᠠᠮᠠᠭᠠᠯᠠᠯᠲᠠ᠂  ︽ᠠᠷᠪᠠᠨ ᠳᠥᠷᠪᠡᠳᠦᠭᠡᠷ ᠲᠠᠪᠤᠨ ᠵᠢᠯ︾ ᠤᠨ ᠤᠰᠤᠨ ᠤ ᠠᠮᠤᠷ ᠲᠦᠪᠰᠢᠨ ᠢ ᠪᠠᠲᠤᠯᠠᠬᠤ ᠭᠤᠷᠪᠠᠨ ᠲᠤᠰᠬᠠᠶ ᠲᠥᠯᠥᠪᠵᠢᠭᠦᠯᠭᠡ ᠪᠠᠷ ᠠᠴᠢᠶᠠᠯᠠᠪᠤᠷᠢ ᠪᠣᠯᠭᠠᠭᠰᠠᠨ ᠲᠥᠯᠥᠪᠵᠢᠭᠦᠯᠭᠡ ᠶᠢᠨ ᠰᠢᠰᠲ᠋ᠧᠮ ᠢ ᠪᠦᠷᠢᠯᠳᠦᠭᠦᠯᠦᠨ᠂ ᠨᠡᠶᠢᠲᠡ 131 ᠲᠥᠷᠥᠯ ᠵᠦᠶᠯ ᠢ ᠳᠦᠯᠦᠪᠯᠡᠵᠦ᠂ ᠪᠦᠬᠦ ᠪᠡᠯᠡ ᠣᠷᠣᠭᠤᠯᠤᠯᠲᠠ  ᠨᠢ 10546 ᠳ᠋ᠦᠩᠰᠢᠭᠤᠷ ᠲᠥᠭᠦᠷᠢᠭ᠂ ᠢᠩᠭᠢᠭᠡᠳ ᠲᠦᠷᠦᠭᠦᠦ ᠠᠯᠬᠤᠮ ᠢ ᠳᠦᠯᠦᠪᠵᠢᠬᠦᠯᠦᠭᠰᠡᠨ ᠠᠴᠠ ᠲᠥᠯᠥᠪᠵᠢᠭᠦᠯᠭᠡ ᠶᠢᠨ ᠰᠢᠨ᠎ᠡ ᠪᠠᠶᠢᠷᠢᠰᠢᠯ ᠢ ᠪᠠᠶᠢᠭᠤᠯᠪᠠ᠃ ᠤᠯᠠᠨ ᠵᠢᠯ ᠤᠨ ᠲᠥᠯᠥᠪᠵᠢᠭᠦᠯᠭᠡ ᠶᠢᠨ ᠦᠢᠯᠡᠳᠦᠯᠭᠡ ᠪᠠᠷ ᠪᠢᠳᠡ ᠮᠡᠳᠡᠭᠰᠡᠨ ᠨᠢ ᠪᠠᠶᠢᠯᠳᠤᠬᠤ ᠪᠤᠳᠤᠯᠭ᠎ᠠ ᠪᠠᠷ ᠭᠤᠣᠯ ᠪᠣᠯᠭᠠᠨ᠂ ᠲᠥᠯᠥᠪᠵᠢᠭᠦᠯᠭᠡ ᠪᠠᠷ ᠭᠤᠣᠯ ᠪᠣᠯᠭᠠᠵᠤ᠂ ᠡᠮᠦᠨᠡᠬᠢ ᠬᠤᠭᠤᠴᠠᠭ᠎ᠠ ᠪᠠᠷ ᠭᠤᠣᠯ ᠪᠣᠯᠭᠠᠬᠤ ᠬᠡᠷᠡᠭᠲᠡᠢ᠂ ᠪᠠᠶᠢᠯᠳᠤᠬᠤ ᠪᠤᠳᠤᠯᠭ᠎ᠠ ᠶᠢ ᠲᠥᠯᠥᠪᠵᠢᠭᠦᠯᠳᠡᠭ ᠯᠡ ᠶᠤᠮ ᠪᠣᠯ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯ ᠢ ᠠᠳᠬᠤᠵᠤ ᠴᠢᠳᠠᠨ᠎ᠠ᠂ ᠲᠥᠯᠥᠪᠵᠢᠭᠦᠯᠭᠡ ᠪᠠᠨ ᠤᠷᠢᠳᠠᠪᠠᠷ ᠬᠡᠷᠡᠭᠵᠢᠬᠦᠯᠳᠡᠭ ᠯᠡ ᠶᠤᠮ ᠪᠣᠯ ᠰᠠᠨᠠᠭᠠᠴᠢᠯᠠᠭᠠᠲᠤ ᠡᠷᠬᠡ ᠶᠢ ᠣᠯᠵᠤ ᠴᠢᠳᠠᠨ᠎ᠠ᠂ ᠡᠮᠦᠨᠡᠬᠢ ᠬᠤᠭᠤᠴᠠᠭ᠎ᠠ ᠶᠢ ᠰᠠᠶᠢᠲᠤᠷ ᠠᠳᠬᠤᠳᠠᠭ ᠯᠠ ᠶᠤᠮ ᠪᠣᠯ ᠡᠮᠦᠨ᠎ᠡ ᠹᠷᠣᠨᠲ ᠲᠤ ᠵᠣᠭᠰᠣᠵᠤ ᠴᠢᠳᠠᠨ᠎ᠠ ᠭᠡᠳᠡᠭ ᠢ ᠭᠦᠨᠵᠡᠭᠡᠢ ᠮᠡᠳᠡᠷᠡᠵᠡᠢ᠃     ᠭᠤᠷᠪᠠ᠂ ᠦᠷ᠎ᠡ ᠳ᠋ᠦᠩ ᠢᠶᠠᠷ ᠳᠤᠲᠠᠭᠤᠳᠠᠯ ᠢᠶᠠᠨ ᠨᠦᠬᠦᠪᠦᠷᠢᠯᠡᠬᠦ ᠤᠳᠤᠷᠢᠳᠤᠮᠵᠢ ᠪᠣᠯᠭᠠᠵᠦ᠂ ᠤᠰᠤᠨ ᠲᠤᠤᠷ ᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠤᠨ ᠪᠠᠶᠢᠭᠤᠯᠪᠠᠰᠢᠨ᠎ᠡ ᠶᠢ ᠡᠭᠦᠳᠴᠦ ᠥᠭᠡᠷᠡᠴᠢᠯᠡᠯᠲᠡ ᠶᠢ ᠠᠬᠢᠭᠤᠯᠪᠠ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠾᠧᠨᠠᠨ  ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠵᠠ ᠲᠣᠬᠢᠶᠠᠯ ᠢ ᠠᠮᠵᠢᠨ᠂ ᠰᠢᠨ᠎ᠡ ᠶᠢ ᠡᠭᠦᠳᠴᠦ᠂ ᠴᠢᠬᠤᠯᠠ ᠡᠯᠧᠮᠧᠨ᠋ᠲ ᠢᠶᠠᠷ ᠬᠥᠳᠡᠯᠭᠡᠭᠦᠷ ᠪᠣᠯᠭᠠᠵᠤ᠂ ᠬᠥᠳᠡᠯᠭᠡᠬᠦ ᠬᠦᠴᠦᠨ ᠢᠶᠠᠷ ᠬᠤᠪᠢᠰᠤᠯᠲᠠ ᠭᠠᠷᠭᠠᠨ᠂ ︽ᠠᠰᠢᠭ ᠢ ᠪᠠᠳᠠᠷᠠᠭᠤᠯᠤᠨ ᠬᠥᠨᠥᠭᠡᠯ ᠢ ᠠᠷᠢᠯᠭᠠᠬᠤ ᠤᠳᠤ ᠦᠶ᠎ᠡ ᠶᠢᠨ ᠤᠰᠤᠨ ᠲᠣᠣᠷ ᠤᠨ ᠰᠢᠰᠲ᠋ᠧᠮ︾ ᠢ ᠪᠦᠬᠦ ᠲᠠᠯ᠎ᠠ ᠪᠠᠷ ᠪᠠᠶᠢᠭᠤᠯᠪᠠ᠃      ᠨᠢᠭᠡ ᠳᠤ᠂ ᠪᠠᠯᠠ ᠳᠣᠭᠢᠷᠠᠭᠤᠯᠬᠤ ᠳᠤ ᠰᠢᠨ᠎ᠡ ᠶᠢ ᠡᠭᠦᠳᠦᠨ ᠪᠠᠯᠠ ᠮᠥᠩᠭᠦ ᠴᠤᠭᠯᠠᠭᠤᠯᠬᠤ ᠬᠦᠴᠢᠷᠳᠡᠯ ᠢ ᠰᠢᠶᠳᠪᠦᠷᠢᠯᠡᠪᠡ᠃  ︽ᠵᠠᠰᠠᠭ ᠤᠨ ᠣᠷᠳᠣᠨ ᠢᠶᠠᠷ ᠭᠤᠤᠯᠯᠠᠨ ᠵᠢᠯᠣᠭᠤᠳᠤᠭᠤᠯᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ᠂ ᠣᠯᠠᠨ ᠲᠠᠯ᠎ᠠ ᠠᠴᠠ ᠪᠡᠯᠡ ᠣᠷᠣᠭᠤᠯᠤᠯᠲᠠ ᠬᠢᠬᠦ᠂ ᠨᠡᠶᠢᠭᠡᠮ ᠠᠴᠠ ᠣᠷᠣᠯᠴᠠᠬᠤ︾ ᠪᠠᠯᠠ ᠣᠷᠣᠭᠤᠯᠤᠯᠲᠠ ᠶᠢᠨ ᠵᠠᠭᠪᠤᠷ ᠢ ᠢᠳᠡᠪᠬᠢᠲᠡᠶ ᠰᠦᠪᠡᠭᠴᠢᠯᠡᠵᠦ᠂ PPP᠂ BOT ᠵᠡᠷᠭᠡ ᠬᠡᠯᠪᠡᠷᠢ ᠪᠠᠷ ᠳᠠᠮᠵᠢᠭᠤᠯᠤᠨ᠂ ᠨᠡᠶᠢᠭᠡᠮ ᠠᠴᠠ 530 ᠳ᠋ᠦᠩᠰᠢᠭᠤᠷ ᠲᠥᠭᠦᠷᠢᠭ ᠤᠨ ᠪᠡᠯᠡ ᠬᠤᠷᠠᠮᠳᠤᠭᠤᠯᠵᠦ᠂ ᠪᠥᠬᠦ ᠵᠢᠯ ᠤᠨ ᠪᠠᠯᠠ ᠣᠷᠣᠭᠤᠯᠤᠯᠲᠠ ᠶᠢᠨ ᠬᠠᠭᠠᠰ ᠢ ᠡᠵᠡᠯᠡᠨ᠂ ᠡᠳ᠋ ᠤᠨ ᠵᠠᠰᠠᠭ ᠤᠨ ᠪᠠᠭ᠎ᠠ ᠣᠷᠣᠭᠤᠯᠤᠯᠲᠠ ᠶᠢ ᠪᠡᠶᠡᠯᠡᠭᠦᠯᠵᠦ᠂ ᠨᠡᠶᠢᠭᠡᠮ ᠤᠨ ᠲᠣᠮᠣ ᠬᠥᠷᠥᠩᠭᠡ ᠶᠢ ᠳᠠᠶᠢᠴᠢᠯᠠᠪᠠ᠃      ᠬᠤᠶᠠᠷ ᠲᠤ᠂ ᠵᠠᠭᠪᠤᠷ ᠤᠨ ᠲᠠᠯ᠎ᠠ ᠪᠠᠷ ᠰᠢᠨ᠎ᠡ ᠶᠢ ᠡᠭᠦᠳᠴᠦ᠂ ᠬᠤᠳᠠ ᠬᠥᠳᠡᠭᠡ ᠵᠦᠷᠢᠶ᠎ᠡ ᠶᠢ       ᠪᠠᠭᠠᠰᠬᠠᠪᠠ᠃  ︽ᠬᠡᠪᠴᠢᠶᠡᠵᠢᠭᠦᠯᠬᠦ᠂ ᠵᠠᠬ᠎ᠠ ᠳᠡᠯᠭᠡᠭᠦᠷᠴᠢᠯᠡᠬᠦ᠂ ᠤᠰᠤᠨ ᠰᠤᠷᠪᠤᠯᠵᠢ ᠶᠢ ᠭᠠᠵᠠᠷ ᠤᠨ ᠭᠠᠳᠠᠷᠭᠤᠴᠢᠯᠠᠬᠤ᠂ ᠬᠤᠲᠠ ᠬᠥᠳᠡᠭᠡ ᠶᠢ ᠨᠢᠭᠡ ᠴᠣᠭᠴᠠᠵᠢᠭᠤᠯᠬᠤ︾ ᠬᠥᠳᠡᠭᠡ ᠲᠣᠰᠬᠤᠨ ᠳᠤ ᠤᠰᠤ       ᠬᠠᠩᠭᠠᠬᠤ ︽ᠳᠥᠷᠪᠡᠵᠢᠭᠦᠯᠬᠦ︾ ᠵᠠᠭᠪᠤᠷ ᠢ ᠬᠠᠶᠢᠨ ᠰᠦᠪᠡᠭᠴᠢᠯᠡᠵᠦ᠂ ᠵᠠᠰᠠᠭ ᠤᠨ ᠣᠷᠳᠣᠨ ᠤ ᠳᠠᠷᠤᠭᠠᠰᠤ ᠶᠢ  ᠬᠥᠩᠭᠡᠷᠡᠭᠦᠯᠬᠦ᠂ ᠠᠮᠢ ᠠᠬᠤᠶ ᠶᠢ ᠰᠡᠷᠭᠦᠭᠡᠬᠦ᠂ ᠣᠯᠠᠨ ᠲᠦᠮᠡᠨ ᠳᠤ ᠵᠣᠯ ᠵᠢᠷᠭᠠᠯ ᠬᠦᠷᠳᠡᠭᠡᠬᠦ ᠵᠡᠷᠭᠡ ︽ᠭᠤᠷᠪᠠᠨ ᠳᠠᠪᠬᠤᠷ ᠦᠷ᠎ᠡ ᠠᠰᠢᠭ︾ ᠢ ᠣᠯᠵᠤ᠂ ᠬᠤᠲᠠ ᠬᠥᠳᠡᠭᠡ ᠶᠢᠨ ᠣᠯᠠᠨ ᠨᠡᠶᠢᠲᠡ ᠶᠢᠨ ᠦᠶᠯᠡᠴᠢᠯᠡᠭᠡᠨ ᠤ ᠲᠡᠩᠴᠡᠭᠦᠷᠢᠵᠢᠯᠲᠡ ᠶᠢ ᠠᠬᠢᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠳᠣᠯᠣᠳᠤᠭᠠᠷ ᠤᠳᠠᠭᠠᠨ ᠤ ᠶᠡᠭᠡ ᠱᠠᠭᠠᠷᠳᠠᠨ ᠪᠠᠶᠢᠴᠠᠭᠠᠯᠳᠠ ᠳᠤ ᠰᠠᠶᠢᠰᠢᠶᠠᠯ ᠬᠥᠬᠢᠭᠦᠯᠦᠯ ᠤᠯᠪᠠ᠃      ᠭᠤᠷᠪᠠ ᠳᠤ᠂ ᠮᠡᠷᠭᠡᠵᠢᠯ ᠤᠨ ᠰᠢᠨ᠎ᠡ ᠶᠢ ᠡᠭᠦᠳᠴᠦ᠂ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠤᠳᠠᠭᠲᠠᠯ ᠢ ᠨᠦᠬᠦᠪᠦᠷᠢᠯᠡᠪᠡ᠃ ᠲᠣᠮᠣ ᠳ᠋ᠠᠶᠢᠲ᠋ᠠ᠂ ᠡᠭᠦᠯᠡᠨ ᠪᠤᠳᠤᠯᠲᠠ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠵᠡᠷᠭᠡ ᠲᠡᠷᠢᠭᠦᠨ ᠤ ᠮᠡᠷᠭᠡᠵᠢᠯ ᠢ ᠭᠦᠶᠴᠡᠳ ᠠᠰᠢᠭᠯᠠᠨ᠂ ᠤᠯᠤᠰ ᠤᠨ ᠳᠣᠲᠣᠭᠠᠳᠤ ᠶᠢᠨ ᠲᠡᠷᠢᠭᠦᠨ ᠤ ᠪᠦᠯᠬᠦᠮ ᠨᠡᠶᠢᠲᠡ ᠲᠠᠢ ᠬᠠᠮᠲᠤᠷᠠᠨ ︽ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ ᠡᠵᠡᠮᠳᠡᠬᠦ ᠪᠠ ᠬᠠᠮᠢᠶᠠᠷᠤᠯᠲᠠ ᠶᠢᠨ ᠡᠭᠦᠯᠡᠨ ᠲᠠᠪᠴᠠᠩ︾ ᠢ ᠨᠡᠭᠡᠭᠡᠨ ᠬᠥᠭᠵᠢᠭᠦᠯᠵᠦ᠂ ᠤᠶᠤᠨᠴᠢᠯᠠᠯᠲᠠ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢ ᠪᠡᠶᠡᠯᠡᠭᠦᠯᠪᠡ᠃      ᠳᠥᠷᠪᠡ ᠳᠤ᠂ ᠲᠣᠭᠲᠠᠴᠠ ᠶᠢᠨ ᠰᠢᠨ᠎ᠡ ᠡᠭᠦᠳᠦᠯᠲᠡ ᠪᠠᠷ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ  ᠶᠢᠨ ᠭᠤᠤᠯᠳᠠᠯᠭ᠎ᠠ ᠶᠢ ᠴᠢᠩᠭ᠎ᠠ ᠠᠳᠬᠤᠪᠠ᠃ ︽ᠬᠤᠶᠠᠷ ᠰᠢᠨ᠎ᠡ ᠨᠢᠭᠡ ᠴᠢᠬᠤᠯᠠ︾ ᠪᠥᠲᠥᠭᠡᠨ ᠪᠠᠶᠢᠭᠤᠯᠤᠯᠲᠠ  ᠶᠢᠨ ᠠᠵᠠ ᠲᠣᠬᠢᠶᠠᠯ ᠢ ᠠᠳᠬᠤᠨ᠂ ᠤᠰᠤᠨ ᠤ ᠳᠥᠷᠪᠡᠨ ᠳᠦᠷᠦᠯ ᠤᠨ ᠠᠰᠠᠭᠤᠳᠠᠯ ᠢ ᠵᠡᠷᠭᠡᠪᠡᠷ ᠵᠠᠰᠠᠬᠤ ᠪᠠᠷ ᠪᠠᠶᠢᠯᠳᠤᠬᠤ ᠪᠣᠳᠣᠯᠭ᠎ᠠ ᠶᠢᠨ ᠲᠠᠪᠴᠠᠩ ᠪᠣᠯᠭᠠᠵᠤ᠂  ︽172︾ ᠤᠨ 17 ᠵᠦᠶᠯ ᠪᠠ  ︽150︾   ᠶᠢᠨ 6 ᠵᠦᠶᠯ ᠤᠨ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠢᠶᠠᠷ ᠭᠤᠤᠯᠳᠠᠯᠭ᠎ᠠ ᠪᠣᠯᠭᠠᠨ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠱᠠᠲᠤ ᠬᠤᠪᠢᠶᠠᠨ ᠬᠠᠷᠢᠭᠤᠴᠠᠬᠤ᠂ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ᠂ ᠳᠡᠭᠡᠳᠦ ᠳᠣᠤᠷᠠᠳᠤ ᠱᠠᠲᠤ ᠬᠠᠮᠵᠢᠯᠴᠠᠬᠤ︾ ᠲᠥᠷᠥᠯ ᠵᠦᠶᠯ ᠢ ᠠᠬᠢᠭᠤᠯᠬᠤ ᠲᠣᠭᠲᠠᠴᠠ ᠶᠢ ᠴᠢᠩᠭᠠᠳᠬᠠᠵᠤ᠂ ᠮᠥᠷᠡᠨ ᠢ ᠲᠠᠲᠠᠵᠤ ᠬᠤᠸᠠᠢ ᠾᠧ ᠭᠤᠤᠯ  ︵ᠾᠧᠨᠠᠨ ᠤ ᠬᠡᠰᠡᠭ︶ ᠳ᠋ᠤ᠋‌ᠨᠡᠮᠡᠷᠢᠯᠡᠬᠦ ᠵᠡᠷᠭᠡ ᠠᠷᠪᠠᠨ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢᠨ ᠬᠠᠮᠲᠤ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠠᠷᠢᠶᠠᠪᠠᠯᠤ ᠶᠢᠨ ᠰᠦᠮ᠎ᠡ ᠶᠢᠨ ᠤᠰᠤ ᠬᠠᠳᠠᠭᠠᠯᠠᠬᠤ ᠤᠰᠤᠨ ᠴᠥᠭᠦᠷᠥᠮ ᠵᠡᠷᠭᠡ 9 ᠵᠦᠶᠯ ᠤᠨ ᠭᠤᠤᠯᠳᠠᠯᠭ᠎ᠠ ᠲᠠᠢ ᠤᠰᠤᠨ ᠠᠰᠢᠭᠯᠠᠯᠲᠠ ᠶᠢᠨ ᠲᠥᠷᠥᠯ ᠵᠦᠶᠯ ᠢ ᠲᠥᠰᠦᠪᠯᠡᠨ ᠡᠬᠢᠯᠡᠭᠦᠯᠵᠦ᠂ 19 ᠵᠦᠶᠯ ᠤᠨ ᠢᠨᠵᠧᠨᠧᠷᠢᠩ ᠤᠨ ᠶᠡᠷᠦᠩᠬᠡᠶ ᠪᠠᠯᠠ ᠣᠷᠣᠭᠤᠯᠤᠯᠲᠠ916 ᠳ᠋ᠦᠩᠰᠢᠭᠤᠷ ᠳᠦᠭᠦᠷᠢᠭ ᠪᠠᠶᠢᠵᠦ᠂ ᠪᠠᠶᠢᠭᠤᠯᠤᠭᠰᠠᠨ ᠤ ᠳᠠᠷᠠᠭ᠎ᠠ 21.4 ᠳ᠋ᠦᠩᠰᠢᠭᠤᠷ ᠪᠤᠰᠤᠭ᠎ᠠ ᠳᠦᠷᠪᠡᠯᠵᠢᠨ ᠮᠧᠲᠷ ᠤᠰᠤ ᠬᠠᠩᠭᠠᠬᠤ ᠴᠢᠳᠠᠪᠤᠷᠢ ᠶᠢ ᠰᠢᠨ᠎ᠡ ᠪᠠᠷ ᠨᠡᠮᠡᠭᠳᠡᠬᠦᠯᠬᠦ ᠪᠤᠯᠤᠨ᠎ᠠ᠃      2020 ᠣᠨ ᠳᠤ ᠪᠥᠬᠦ ᠮᠤᠵᠢ ᠳᠤ ᠨᠡᠶᠢᠲᠡ 835 ᠲᠥᠷᠥᠯ ᠵᠦᠶᠯ ᠢ ᠠᠵᠢᠯ ᠡᠬᠢᠯᠡᠭᠦᠯᠵᠦ᠂ 1031 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠤᠨ᠂ ᠠᠩᠬ᠎ᠠ ᠤᠳᠠᠭ᠎ᠠ ᠮᠢᠩᠭᠠᠨ ᠳ᠋ᠦᠩᠰᠢᠭᠤᠷ ᠲᠥᠭᠦᠷᠢᠭ ᠤᠨ ᠪᠣᠭᠤᠮᠲᠠ ᠶᠢ ᠳᠠᠪᠠᠵᠤ᠂ ︽ᠨᠢᠭᠡ ᠭᠤᠯᠳᠤ ᠭᠤᠷᠪᠠᠨ ᠬᠥᠨᠳᠡᠯᠡᠨ ᠵᠢᠷᠭᠤᠭᠠᠨ ᠣᠷᠣᠨ︾ ᠤ ᠣᠳᠣᠬᠢᠴᠢᠯᠠᠭᠰᠠᠨ ᠤᠰᠤᠨ ᠲᠣᠤᠷ ᠤᠨ ᠰᠢᠰᠲ᠋ᠧᠮ ᠢ ᠪᠠᠶᠢᠭᠤᠯᠬᠤ ᠳᠤ ᠲᠣᠪᠣᠶᠢᠮ᠎ᠠ ᠬᠤᠪᠢ ᠨᠡᠮᠡᠷᠢ ᠦᠵᠡᠭᠦᠯᠪᠡ᠃ ᠦᠶᠯᠡᠳᠦᠯᠭᠡ ᠪᠣᠯ ᠨᠢᠭᠡᠨ ᠰᠤᠷᠬᠤ ᠪᠢᠴᠢᠭ ᠮᠥᠨ᠂ ᠲᠡᠷᠡ ᠨᠢ ᠰᠢᠨ᠎ᠡ ᠶᠢ ᠡᠭᠦᠳᠬᠦ ᠪᠣᠯ ᠬᠥᠳᠡᠯᠭᠡᠬᠦ ᠬᠦᠴᠦᠨ᠂ ᠲᠥᠷᠥᠯ ᠵᠦᠶᠯ ᠪᠣᠯ ᠠᠴᠢᠶᠠᠯᠠᠪᠤᠷᠢ᠂ ᠲᠤᠤᠷ ᠰᠦᠯᠵᠢᠶ᠎ᠡ ᠪᠠᠶᠢᠭᠤᠯᠬᠤ ᠪᠣᠯ ᠵᠣᠷᠢᠯᠭ᠎ᠠ ᠮᠥᠨ ᠭᠡᠳᠡᠭ ᠢ ᠪᠢᠳᠡᠨ ᠳᠤ ᠰᠡᠷᠭᠡᠭ ᠢᠶᠠᠷ ᠲᠠᠨᠢᠭᠤᠯᠤᠭᠰᠠᠨ ᠪᠠᠶᠢᠨ᠎ᠠ᠃      ᠭᠤᠷᠪᠠᠨ ᠵᠢᠯ ᠤᠨ ᠲᠤᠷᠰᠢ ᠪᠢᠳᠡ ︽ᠤᠰᠤᠨ ᠤ ᠲᠦᠷᠪᠡᠨ ᠳᠦᠷᠦᠯ ᠤᠨ ᠠᠰᠠᠭᠤᠳᠠᠯ ᠢ ᠵᠡᠷᠭᠡᠪᠡᠷ ᠪᠠᠷ ᠵᠠᠰᠠᠬᠤ︾ ᠦᠢᠯᠡᠳᠦᠯᠭᠡ ᠪᠠᠷ ᠳᠠᠮᠵᠢᠨ᠂ ︽ᠤᠰᠤᠨ ᠠᠰᠢᠭᠯᠠᠯᠲᠠ ᠶᠢᠨ ᠢᠨᠵᠧᠨᠧᠷᠢᠩ ᠤᠨ ᠳᠤᠲᠠᠭᠤᠳᠠᠯ ᠢ ᠨᠥᠬᠦᠪᠥᠷᠢᠯᠡᠬᠦ︾ ᠠᠵᠢᠯ ᠬᠡᠵᠢᠶᠡᠳᠡ ᠳᠠᠭᠤᠰᠤᠰᠢ ᠦᠭᠡᠢ ᠭᠡᠳᠡᠭ ᠢ ᠣᠯᠵᠦ ᠮᠡᠳᠡᠪᠡ᠃ ᠡᠭᠦᠨ ᠤ ᠵᠡᠷᠭᠡᠪᠡᠷ᠂ ᠪᠢᠳᠠ ᠪᠠᠰᠠ ᠬᠠᠷᠠᠴᠠ ᠠᠬᠤᠢ ᠪᠠᠶᠢᠳᠠᠯ ᠢ ᠲᠣᠭᠲᠠᠭᠠᠵᠤ᠂ ᠪᠠᠶᠢᠷᠢ ᠲᠣᠭᠲᠠᠭᠠᠯᠲᠠ ᠨᠢ ᠪᠠᠶᠢᠷᠢ ᠰᠠᠭᠤᠷᠢ ᠶᠢ ᠲᠣᠭᠲᠠᠭᠠᠨ᠂ ᠰᠡᠳᠬᠢᠴᠡ ᠨᠢ ᠭᠠᠷᠬᠤ ᠵᠠᠮ ᠢ ᠲᠣᠭᠲᠠᠭᠠᠵᠤ᠂ ᠪᠠᠶᠢᠷᠢᠰᠢᠭᠤᠯᠤᠯᠲᠠ ᠨᠢ ᠦᠷ᠎ᠡ ᠳ᠋ᠦᠩ ᠢ ᠲᠣᠭᠲᠠᠭᠠᠨ᠎ᠠ ᠭᠡᠳᠡᠭ ᠢ ᠭᠦᠨᠵᠡᠭᠡᠢ ᠣᠶᠢᠯᠠᠭᠠᠪᠠ᠃ ᠲᠠᠷᠠᠭᠠᠴᠢ ᠶᠢᠨ ᠠᠯᠬᠤᠮ ᠳᠤ᠂ ᠪᠢᠳᠡ ᠤᠰᠤᠨ ᠠᠰᠢᠭᠯᠠᠯᠲᠠ ᠶᠢᠨ ᠥᠭᠡᠷᠡᠴᠢᠯᠡᠯᠲᠡ ᠬᠥᠭᠵᠢᠯᠲᠡ ᠶᠢᠨ ᠶᠡᠷᠦᠩᠬᠡᠶ ᠬᠥᠭ ᠠᠶᠠᠰ ᠪᠣᠯᠤᠨ ᠲᠣᠰ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠶ ᠲᠤᠤᠱᠯᠠᠭᠤᠯᠵᠦ᠂ ᠢᠯᠠᠩᠭᠤᠶ᠎ᠠ ᠧ ᠶᠠᠮᠤᠨ ᠤ ᠳᠠᠷᠤᠭ᠎ᠠ ᠶᠢᠨ ᠶᠠᠷᠢᠶᠠᠨ ᠤ ᠱᠠᠭᠠᠷᠳᠠᠯᠭ᠎ᠠ  ᠶᠢ ᠭᠦᠨᠵᠡᠭᠡᠶ ᠲᠤᠤᠱᠯᠠᠭᠤᠯᠤᠨ᠂ ︽ᠤᠰᠤᠨ ᠤ ᠳᠥᠷᠪᠡᠨ ᠳᠦᠷᠦᠯ ᠤᠨ ᠠᠰᠠᠭᠤᠳᠠᠯ ᠢ ᠵᠡᠷᠭᠡᠪᠡᠷ ᠵᠠᠰᠠᠬᠤ︾ ᠪᠠᠷ ᠲᠠᠪᠴᠠᠩ ᠪᠣᠯᠭᠠᠨ ᠳᠤᠲᠠᠭᠤᠳᠠᠯ ᠢᠶᠠᠨ ᠨᠥᠬᠦᠪᠥᠷᠢᠯᠡᠵᠦ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢᠶᠠᠷ ᠭᠠᠷᠳᠠᠴᠠ ᠪᠣᠯᠭᠠᠨ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠾᠧᠨᠠᠨ ᠤ ᠤᠰᠤᠨ ᠠᠰᠢᠭᠯᠠᠯᠲᠠ ᠶᠢᠨ ᠬᠥᠭᠵᠢᠯᠲᠡ ᠶᠢᠨ ᠴᠢᠨᠠᠷᠯᠢᠭ ᠬᠥᠭᠵᠢᠯᠲᠡ ᠶᠢ ᠤᠯᠠᠮ ᠴᠢᠨᠠᠭᠰᠢᠳᠠ ᠠᠬᠢᠭᠤᠯᠵᠤ᠂ ᠳᠤᠮᠳᠠᠳᠤ ᠣᠷᠣᠨ ᠤ ᠤᠰᠤ ᠶᠢ ᠵᠠᠰᠠᠵᠤ ᠤᠰᠤ ᠶᠢ ᠬᠥᠭᠵᠢᠭᠦᠯᠬᠦ ᠰᠢᠨ᠎ᠡ ᠪᠠᠶᠢᠷᠢᠰᠢᠯ ᠢ ᠴᠢᠷᠮᠠᠶᠢᠨ ᠪᠠᠶᠢᠭᠤᠯᠤᠨ᠎ᠠ᠃
         
        ᠢᠷᠡᠯᠲᠡ᠄ ᠲᠣᠲᠣᠷᠬᠠᠢ ᠦᠭᠡᠢ
         
         
        ᠬᠠᠮᠢᠶ᠎ᠡ ᠪᠦᠬᠦᠢ ᠰᠣᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号